ᠾᠧᠨᠠᠨ ᠤ ᠳ᠋ᠢᠶᠠᠨ ᠸᠧᠶ ᠺᠣᠮᠫᠠᠨᠢ ᠠᠪᠠᠭ᠎ᠠ ᠬᠤᠰᠢᠭᠤᠨ ᠳᠤ ᠢᠷᠡᠵᠦ ᠪᠠᠶᠢᠴᠠᠭᠠᠨ ᠰᠣᠳᠤᠯᠤᠯᠲᠠ ᠬᠢᠵᠦ ᠳᠤᠷᠰᠢᠯᠭ᠎ᠠ ᠪᠠᠨ ᠰᠣᠯᠢᠯᠴᠠᠪᠠ
ᠨᠡᠶᠢᠲᠡᠯᠡᠭᠰᠡᠨ ᠴᠠᠭ᠄
2025/3/31
     3 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠠᠪᠠᠭ᠎ᠠ ᠬᠤᠰᠢᠭᠤ ᠰᠠᠨᠠᠭᠠᠴᠢᠯᠠᠭ᠎ᠠ ᠠᠴᠠ ᠪᠠᠨ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠢ ᠵᠣᠯᠭᠠᠭᠤᠯᠵᠤ᠂ ᠠᠵᠤ ᠠᠬᠤᠶᠢᠯᠠᠯ ᠢ ᠢᠳᠡᠪᠬᠢᠲᠡᠶ ᠬᠠᠷᠢᠴᠠᠨ᠂ ᠾᠧᠨᠠᠨ ᠤ ᠳ᠋ᠢᠶᠠᠨ ᠸᠧᠶ ᠺᠣᠮᠫᠠᠨᠢ᠂ ᠳᠤᠮᠳᠠᠳᠤ ᠤᠯᠤᠰ ᠤᠨ ᠭᠠᠳᠠᠭᠠᠳᠤ ᠶᠢᠨ ᠰᠢᠨᠵᠢᠯᠡᠬᠦ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠤᠷᠢᠵᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠲᠤᠬᠠᠶ ᠰᠤᠳᠤᠯᠤᠨ ᠪᠠᠶᠢᠴᠠᠭᠠᠯᠲᠠ ᠬᠢᠪᠡ᠃      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠠᠰᠠᠭ ᠤᠨ ᠣᠷᠳᠣᠨ ᠤ ᠤᠳᠤᠷᠢᠳᠤᠯᠭ᠎ᠠ ᠠᠵᠤ ᠠᠬᠤᠶᠢᠯᠠᠯ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ᠂ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠤᠨ ᠬᠦᠭᠵᠢᠯᠲᠡ ᠵᠡᠷᠭᠡ ᠲᠠᠯ᠎ᠠ ᠪᠠᠷ ᠶᠠᠷᠢᠯᠴᠠᠵᠤ᠂ ᠠᠪᠠᠭ᠎ᠠ ᠬᠤᠰᠢᠭᠤᠨ ᠤ ᠨᠠᠷᠠ ᠰᠠᠯᠬᠢᠨ ᠤ ᠡᠬᠢ ᠪᠠᠶᠠᠯᠢᠭ ᠡᠯᠪᠡᠭ ᠪᠠᠶᠢᠬᠤ ᠨᠦᠬᠦᠴᠡᠯ ᠤᠨ ᠲᠣᠭᠤᠷᠢᠨ ᠳᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠯ᠎ᠠ ᠪᠠᠷ ᠰᠠᠨᠠᠯ ᠢᠶᠠᠨ ᠰᠣᠯᠢᠯᠴᠠᠪᠠ᠃ ᠠᠵᠤ ᠠᠬᠤᠶᠢᠯᠠᠯ ᠠᠴᠠ ᠠᠪᠠᠭ᠎ᠠ ᠬᠤᠰᠢᠭᠤᠨ ᠤ ᠰᠢᠨ᠎ᠡ ᠡᠨᠧᠷᠭᠢ ᠶᠢᠨ ᠬᠦᠷᠢᠶᠡᠨ ᠳᠠᠬᠢ ᠬᠥᠭᠵᠢᠯᠲᠡ ᠶᠢᠨ ᠳᠠᠯᠳᠠ ᠬᠦᠴᠦᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠠᠪᠠᠭ᠎ᠠ ᠬᠤᠰᠢᠭᠤᠨ ᠤ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠬᠢᠭᠡᠳ ᠪᠣᠬᠢᠷᠲᠤᠯ ᠥᠬᠡᠶ ᠬᠥᠭᠵᠢᠯᠲᠡ ᠶᠢᠨ ᠳᠠᠪᠠᠭᠤᠯᠢᠭ᠂ ᠡᠯᠧᠮᠧᠨ᠋ᠲ ᠤᠨ ᠪᠠᠲᠤᠯᠠᠭ᠎ᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠢᠯᠢᠳᠡᠭ ᠰᠠᠶᠢᠨ ᠪᠠᠶᠢᠵᠤ᠂ ᠮᠡᠷᠭᠡᠵᠢᠯ᠂ ᠪᠠᠯᠠ ᠮᠥᠩᠭᠦ ᠬᠢᠭᠡᠳ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠥᠭᠵᠢᠯᠲᠡ ᠶᠢᠨ ᠠᠵᠠ ᠲᠣᠬᠢᠶᠠᠯ ᠢ ᠢᠳᠡᠪᠬᠢᠲᠡᠶ ᠡᠵᠡᠮᠳᠡᠵᠦ᠂ ᠬᠠᠮᠲᠤᠷᠠᠯᠴᠠᠭᠠᠨ ᠤ ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠨ᠂ ᠬᠠᠮᠲᠤᠷᠠᠯᠴᠠᠭᠠᠨ ᠤ ᠲᠠᠰ ᠳᠠᠪᠬᠤᠷᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠪᠡᠶᠡᠯᠡᠭᠦᠯᠬᠦ ᠶᠢᠨ ᠬᠠᠮᠲᠤ ᠬᠠᠷᠢᠶ᠎ᠠ ᠭᠠᠵᠠᠷ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃       ᠣᠶᠢᠷ᠎ᠠ ᠶᠢᠨ ᠵᠢᠯ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠤᠷᠢᠳ ᠬᠤᠵᠢᠳ ᠪᠡᠭᠡᠵᠢᠩ᠂ ᠱᠠᠨᠳᠦ᠋ᠩ᠂ ᠱᠠᠨᠰᠢ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠥᠪᠳᠡᠯᠴᠡᠭᠡ ᠥᠷᠨᠢᠭᠦᠯᠵᠦ᠂ ᠬᠠᠮᠢᠶ᠎ᠠ ᠪᠥᠬᠦᠶ ᠲᠤᠯᠤᠭᠠᠶᠢᠯᠠᠭᠴᠢ ᠠᠵᠤ ᠠᠬᠤᠶᠢᠯᠠᠯ ᠲᠠᠢ ᠭᠦᠨᠵᠡᠭᠡᠶ ᠵᠣᠯᠭᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠢᠨ᠎ᠡ ᠨᠢᠭᠡᠨ ᠡᠭᠡᠯᠵᠢ ᠶᠢᠨ ᠬᠠᠯᠠᠭᠤᠨ ᠥᠷᠨᠢᠯᠲᠡ ᠭᠠᠷᠭᠠᠪᠠ᠃ ᠲᠠᠷᠠᠭᠠᠴᠢ ᠶᠢᠨ ᠠᠯᠬᠤᠮ ᠳᠤ ᠠᠪᠠᠭ᠎ᠠ ᠬᠤᠰᠢᠭᠤ ᠴᠢᠬᠤᠯᠠ ᠠᠵᠠ ᠲᠣᠬᠢᠶᠠᠯ ᠢ ᠲᠥᠪᠯᠡᠷᠡᠭᠦᠯᠦᠨ ᠭᠡᠷ᠎ᠡ ᠲᠣᠭᠲᠠᠬᠤ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶᠡᠵᠢᠯ ᠤᠨ ᠢᠵᠢ ᠪᠥᠷᠢᠳᠦᠭᠦᠯᠬᠦ ᠦᠢᠯᠡᠴᠢᠯᠡᠭᠡ ᠵᠡᠷᠭᠡ ᠬᠦᠷᠢᠶᠡᠨ ᠳᠠᠬᠢ ᠪᠠᠯᠠ ᠣᠷᠣᠭᠤᠯᠤᠯᠲᠠ ᠶᠢᠨ ᠰᠦᠪᠡᠭᠴᠢ ᠶᠢ ᠪᠥᠬᠦ ᠬᠦᠴᠦᠨ ᠢᠶᠠᠷ ᠢᠶᠠᠨ ᠠᠭᠤᠳᠠᠯᠤᠨ᠂ ᠲᠥᠷᠥᠯ ᠵᠦᠢᠯ ᠢ ᠪᠣᠳᠠᠲᠠᠶ ᠨᠠᠷᠢᠯᠢᠭ ᠬᠢᠵᠦ᠂ ᠬᠠᠮᠲᠤᠷᠠᠯᠴᠠᠭᠠᠨ ᠤ ᠰᠠᠨᠠᠮᠵᠢ ᠶᠢ ᠨᠠᠶᠢᠳᠠᠪᠤᠷᠢᠵᠢᠭᠤᠯᠬᠤ ᠲᠥᠷᠥᠯ ᠵᠦᠢᠯ ᠪᠣᠯᠭᠠᠨ ᠬᠤᠪᠢᠷᠠᠭᠤᠯᠬᠤ ᠶᠢ ᠴᠢᠷᠮᠠᠶᠢᠨ ᠠᠬᠢᠭᠤᠯᠵᠤ᠂ ᠨᠠᠩ ᠣᠯᠠᠨ ᠡᠮᠦᠨᠡᠬᠢ ᠬᠤᠭᠤᠴᠠᠭᠠᠨ ᠤ ᠵᠣᠯᠭᠠᠭᠤᠯᠬᠤ ᠦᠷ᠎ᠡ ᠪᠦᠲᠦᠭᠡᠯ ᠢ ᠪᠣᠳᠠᠲᠠᠶ ᠳᠤ ᠨᠠᠶᠢᠳᠠᠪᠦᠷᠢᠵᠢᠭᠤᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号