3 ᠰᠠᠷ᠎ᠠ ᠶᠢᠨ 21 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 106 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶ᠎ᠠ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ | 2025 ᠣᠨ ᠤ ᠠᠩᠬᠠᠳᠤᠭᠠᠷ ᠤᠳᠠᠭᠠᠨ ᠤ ᠬᠤᠷᠠᠯ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠪᠠ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠨ᠂ ᠪᠥᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ ᠢ ᠬᠢᠨᠠᠨ ᠵᠥᠪᠯᠡᠵᠦ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ | ᠵᠢᠩᠬᠢᠨᠢ ᠪᠠᠷ ᠡᠬᠢᠯᠡᠭᠦᠯᠬᠦ ᠶᠢᠨ ᠬᠠᠮᠲᠤ᠂ 2024 ᠣᠨ ᠤ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠤᠴᠢᠷ ᠶᠠᠪᠤᠳᠠᠯ ᠢ | ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠬᠤᠷᠠᠯ ᠪᠣᠯᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ | ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠬᠤ ᠬᠡᠷᠡᠭᠲᠡᠢ᠃ ᠠᠵᠤ ᠠᠬᠤᠶ ᠶᠢᠨ ᠠᠵᠢᠯ ᠤᠨ ᠲᠠᠯ᠎ᠠ ᠪᠠᠷ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠢᠳᠡᠪᠬᠢᠲᠡᠶ | ᠠᠬᠢᠭᠤᠯᠵᠤ᠂ ᠠᠵᠤ ᠠᠬᠤᠶ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠠᠵᠤ ᠠᠬᠤᠶ ᠶᠢᠨ | ᠰᠠᠶᠢᠵᠢᠷᠠᠬᠤ ᠬᠠᠨᠳᠤᠰᠢ ᠶᠢ ᠪᠠᠬᠢᠵᠢᠭᠦᠯᠪᠡ᠃ ᠠᠮᠤᠷ ᠲᠦᠪᠰᠢᠨ ᠲᠣᠭᠲᠠᠭᠤᠨ ᠤ ᠲᠠᠯ᠎ᠠ ᠪᠠᠷ᠂ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠬᠤ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠲᠤᠰᠬᠠᠢ ᠵᠠᠰᠠᠯᠲᠠ᠂ ᠵᠠᠬᠢᠳᠠᠯ ᠰᠤᠷᠪᠤᠯᠵᠢᠯᠠᠭ᠎ᠠ᠂ ᠠᠶᠤᠯᠭᠦᠢ | ᠦᠢᠯᠡᠳᠪᠦᠷᠢᠯᠡᠯ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠬᠦ | ᠬᠡᠷᠡᠭᠲᠡᠢ ᠭᠡᠪᠡ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠭᠤᠤᠯ ᠰᠡᠳᠦᠪᠲᠦ | ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠬᠦ᠂ ᠨᠠᠮ ᠣᠯᠠᠨ ᠲᠦᠮᠡᠨ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠤᠷᠤᠯᠴᠠᠯᠭ᠎ᠠ | ᠬᠥᠮᠦᠵᠢᠯ ᠳᠤ ᠭᠤᠣᠯᠳᠠᠯᠭ᠎ᠠ ᠶᠢ ᠳᠤᠪᠤᠶᠢᠯᠭᠠᠵᠤ᠂ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ᠂ ᠠᠰᠠᠭᠤᠳᠠᠯ ᠢ | ᠪᠠᠶᠢᠴᠠᠭᠠᠨ ᠰᠤᠳᠤᠯᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ᠂ ᠴᠢᠯᠦᠭᠡᠲᠡᠢ ᠰᠤᠷᠭᠠᠨ ᠬᠥᠮᠦᠵᠢᠯ ᠢ ᠰᠠᠶᠢᠲᠤᠷ | ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠵᠣᠬᠢᠶᠠᠨ | ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠬᠤᠷᠢᠭᠯᠠᠬᠤ | ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠬᠤᠰᠢᠭᠤ ᠨᠡᠶᠢᠭᠡᠮ ᠤᠨ ᠠᠵᠢᠯ ᠤᠨ ᠬᠡᠯᠲᠡᠰ ᠵᠢᠴᠢ ︽ᠬᠤᠶᠠᠷ ᠰᠢᠨ᠎ᠡ︾ | ᠶᠢᠨ ᠠᠵᠢᠯ ᠤᠨ ᠵᠥᠪᠯᠡᠯ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠪᠠᠷ ᠬᠥᠭᠵᠢᠭᠰᠡᠨ | ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠪᠦᠷᠢᠯᠳᠦᠬᠦᠨ | ᠨᠢᠭᠡᠴᠡ ᠬᠠᠮᠵᠢᠯᠴᠠᠨ ᠬᠥᠳᠡᠯᠦᠯᠴᠡᠬᠦ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠯ᠎ᠠ ᠪᠠᠷ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠲᠦᠷᠦᠭᠦᠯᠡᠨ ᠬᠢᠵᠦ᠂ ᠡᠯ᠎ᠡ ᠰᠠᠯᠠᠭ᠎ᠠ ᠮᠥᠴᠢᠷ ᠬᠠᠮᠵᠢᠯᠴᠠᠨ᠂ ᠰᠤᠮᠤ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠨᠢᠭᠡᠳᠦᠮᠡᠯ | ᠹᠷᠣᠨᠲ ᠤᠨ ᠠᠵᠢᠯ ᠤᠨ ᠲᠠᠯ᠎ᠠ ᠪᠠᠷ᠂ ᠭᠤᠣᠯ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠡᠷᠡᠯᠬᠡᠭᠯᠡᠨ | ᠤᠷᠤᠭᠰᠢᠯᠠᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠲᠦᠭᠰᠢᠭᠦᠷᠢ ᠶᠢᠨ ᠳᠠᠯᠲᠠ ᠭᠡᠮ ᠢ ᠰᠡᠷᠭᠡᠶᠢᠯᠡᠨ | ᠠᠷᠢᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ ᠵᠥᠪᠯᠡᠪᠡ᠃ |