1.3 ᠳ᠋ᠦᠩᠰᠢᠭᠤᠷ ᠲᠦᠭᠦᠷᠢᠭ ᠤᠨ ᠶᠡᠷᠦᠩᠬᠡᠢ ᠪᠡᠯᠡ ᠣᠷᠣᠭᠤᠯᠣᠯᠲᠠ ᠬᠢᠵᠦ᠂ ᠠᠪᠠᠭ᠎ᠠ ᠬᠤᠰᠢᠭᠤᠨ ᠤ ᠶᠢᠨ ᠳ᠋ᠢ ᠠᠭᠤᠷᠬᠠᠢ ᠶᠢᠨ ᠦᠢᠯᠡᠰ ᠤᠨ 5000 ᠲᠣᠨ ᠮᠣᠯᠢᠪᠳᠧᠨ ᠤ ᠨᠠᠷᠢᠯᠢᠭ ᠨᠤᠨᠳᠠᠭ ᠤᠨ ᠦᠢᠯᠡᠳᠪᠦᠷᠢᠯᠡᠯ ᠤᠨ ᠲᠦᠷᠦᠯ ᠵᠦᠢᠯ ᠪᠦᠬᠦ ᠲᠠᠯ᠎ᠠ ᠪᠠᠷ ᠠᠬᠢᠪᠠ
ᠨᠡᠶᠢᠲᠡᠯᠡᠭᠰᠡᠨ ᠴᠠᠭ᠄
2025/3/31
     ᠠᠪᠠᠭ᠎ᠠ ᠬᠤᠰᠢᠭᠤᠨ ᠤ ᠶᠢᠨ ᠳ᠋ᠢ ᠠᠭᠤᠷᠬᠠᠢ ᠶᠢᠨ ᠦᠢᠯᠡᠰ ᠤᠨ 5000 ᠲᠣᠨ ᠮᠣᠯᠢᠪᠳᠧᠨ ᠤ ᠨᠠᠷᠢᠯᠢᠭ ᠨᠤᠨᠲᠠᠭ ᠤᠨ ᠦᠢᠯᠡᠳᠪᠦᠷᠢᠯᠡᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠷᠤᠭᠰᠢᠲᠠᠶ ᠶᠠᠪᠤᠭᠳᠠᠵᠤ᠂ ᠣᠳᠣᠬᠠᠨ ᠳᠤ ᠡᠯ᠎ᠡ ᠵᠦᠢᠯ ᠤᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠬᠤ ᠪᠣᠯᠣᠨ᠎ᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1.3 ᠳ᠋ᠦᠩᠰᠢᠭᠤᠷ ᠲᠥᠭᠦᠷᠢᠭ ᠲᠤ ᠬᠦᠷᠴᠦ᠂ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠨᠢᠭᠡ ᠰᠠᠤᠷᠢ ᠨᠣᠨᠳᠠᠭᠯᠠᠬᠤ ᠮᠠᠰᠢᠨ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠶᠢ ᠰᠢᠨ᠎ᠡ ᠪᠠᠷ ᠨᠡᠮᠡᠵᠦ᠂ ᠨᠣᠨᠳᠠᠭ ᠤᠨ ᠠᠭᠤᠷᠬᠠᠶ ᠶᠢ ᠰᠢᠨ᠎ᠡ ᠪᠠᠷ ᠪᠦᠷᠢᠯᠳᠦᠭᠦᠯᠬᠦ ᠶᠢᠨ ᠬᠠᠮᠲᠤ ᠬᠡᠮᠬᠡᠯᠬᠦ ᠲᠥᠬᠦᠭᠡᠷᠦᠮᠵᠢ ᠶᠢ ᠰᠢᠨ᠎ᠡ ᠪᠠᠷ ᠰᠣᠯᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠶᠢᠨ ᠳ᠋ᠢ ᠠᠭᠤᠷᠬᠠᠶ ᠶᠢᠨ ᠦᠢᠯᠡᠰ ᠤᠨ ᠨᠠᠷᠢᠯᠢᠭ ᠨᠤᠨᠲᠠᠭ ᠤᠨ ᠵᠢᠯ ᠤᠨ ᠭᠠᠷᠤᠯᠲᠠ 5000 ᠲᠣᠨ ᠳᠤ ᠬᠦᠷᠴᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 1 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠭᠦᠨ ᠤ ᠥᠷᠲᠡᠭ ᠢ 2 ᠵᠠᠭᠤᠨ ᠤ ᠴᠡᠭ ᠨᠡᠮᠡᠭᠳᠡᠭᠦᠯᠦᠨ᠎ᠡ᠃      ᠣᠳᠣᠬᠠᠨ ᠳᠤ᠂ ᠲᠥᠷᠥᠯ ᠵᠦᠢᠯ ᠢ ᠨᠢᠭᠡᠨᠲᠡ ᠳᠠᠩᠰᠠᠯᠠᠭᠤᠯᠵᠤ᠂ ᠨᠣᠨᠳᠠᠭᠯᠠᠬᠤ ᠮᠠᠰᠢᠨ᠂ ᠡᠷᠭᠢᠯᠳᠦᠭᠦᠯᠬᠦ ᠮᠠᠰᠢᠨ᠂ ᠨᠠᠶᠢᠷᠠᠯᠭ᠎ᠠ ᠶᠢᠨ ᠮᠠᠰᠢᠨ᠂ ᠰᠢᠯᠢᠬᠦ ᠮᠠᠰᠢᠨ ᠵᠡᠷᠭᠡ ᠭᠤᠤᠯ ᠪᠣᠯᠬᠤ ᠲᠣᠨᠤᠭ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠠᠵᠢᠯ ᠨᠢᠭᠡᠨᠲᠡ ᠤᠷᠤᠭᠰᠢᠲᠠᠶ ᠳᠠᠭᠤᠰᠴᠤ᠂ ᠢᠵᠢ ᠪᠥᠷᠢᠳᠦᠭᠦᠯᠬᠦ ᠲᠣᠨᠤᠭ ᠲᠥᠬᠦᠭᠡᠷᠦᠮᠵᠢ ᠶᠢ ᠬᠤᠳᠠᠯᠳᠤᠨ ᠠᠪᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ 3 ᠰᠠᠷ᠎ᠠ ᠶᠢᠨ ᠡᠬᠢ ᠪᠠᠷ᠂  ᠨᠣᠨᠳᠠᠭᠯᠠᠬᠤ ᠦᠢᠯᠡᠳᠪᠦᠷᠢ ᠶᠢᠨ ᠲᠠᠰᠤᠭ ᠤᠨ ᠰᠠᠭᠤᠷᠢ ᠪᠠᠷᠢᠯᠭ᠎ᠠ ᠵᠢᠩᠬᠢᠨᠢ ᠪᠠᠷ ᠡᠬᠢᠯᠡᠵᠦ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃      ᠬᠠᠪᠤᠷ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠲᠥᠷᠥᠯ ᠵᠦᠢᠯ ᠵᠠᠯᠭᠠᠪᠡᠷ ᠠᠵᠢᠯ ᠡᠬᠢᠯᠡᠵᠦ᠂ ᠶᠢᠨ ᠳ᠋ᠢ ᠠᠭᠤᠷᠬᠠᠶ ᠶᠢᠨ ᠦᠢᠯᠡᠰ ᠤᠨ ᠦᠢᠯᠡᠳᠪᠦᠷᠢᠯᠡᠬᠦ ᠲᠥᠷᠥᠯ  ᠵᠦᠢᠯ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠬᠠᠪᠤᠷ ᠤᠨ ᠤᠯᠠᠷᠢᠯ ᠤᠨ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠵᠢᠭᠰᠠᠭᠠᠨ᠂ ᠬᠤᠭᠤᠴᠠᠭ᠎ᠠ ᠲᠤᠭᠲᠠᠭᠠᠨ ᠪᠡᠶᠡᠯᠡᠭᠦᠯᠵᠦ᠂ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠤᠷᠤᠭᠤᠯᠤᠨ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤ ᠤᠷᠴᠢᠨ ᠨᠦᠬᠦᠴᠡᠯ ᠤᠨ ᠪᠠᠲᠤᠯᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠷᠤᠭᠰᠢᠲᠠᠶ ᠠᠭᠢᠬᠤ ᠶᠢ ᠪᠠᠲᠤᠯᠠᠵᠤ᠂ ᠪᠥᠬᠦ ᠵᠢᠯ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号