3 ᠰᠠᠷ᠎ᠠ ᠶᠢᠨ 21 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ | ᠴᠠᠭᠠᠨᠨᠠᠭᠤᠷ ᠪᠠᠯᠭᠠᠰᠤ᠂ ᠬᠤᠩᠭᠤᠷᠭᠤᠤᠯ ᠪᠠᠯᠭᠠᠰᠤᠨ ᠳᠤ ᠭᠦᠨᠵᠡᠭᠡᠶᠢᠷᠡᠨ᠂ ᠡᠯᠡᠰᠦᠷᠬᠡᠭ ᠭᠠᠵᠠᠷ ᠢ ᠵᠠᠰᠠᠬᠤ᠂ | ᠨᠦᠯᠦᠮᠡᠯ ᠢᠨᠵᠧᠨᠧᠷᠢᠩ ᠢ ᠴᠡᠪᠡᠷᠯᠡᠬᠦ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠵᠢᠴᠢ ᠮᠠᠯ ᠠᠵᠤ ᠠᠬᠤᠶ ᠶᠢᠨ | ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠰᠦᠨ ᠵᠢᠶᠦ᠋ᠨ ᠴᠠᠭᠠᠨᠨᠠᠭᠤᠷ ᠪᠠᠯᠭᠠᠰᠤᠨ ᠤ ᠨᠠᠷᠠᠨᠪᠤᠯᠠᠭ ᠭᠠᠴᠠᠭ᠎ᠠ᠂ ᠬᠤᠩᠭᠤᠷᠭᠤᠤᠯ ᠪᠠᠯᠭᠠᠰᠤᠨ ᠤ | ᠬᠠᠰᠢᠶᠠᠲᠤ ᠭᠠᠴᠠᠭ᠎ᠠ᠂ ᠴᠠᠭᠠᠨ ᠤᠰᠤᠨ ᠴᠥᠭᠦᠷᠥᠮ ᠵᠢᠴᠢ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭᠠᠨ ᠤ | ᠹᠦ᠋ ᠵᠧᠦ ᠤᠢ ᠰᠢᠭᠤᠢ ᠶᠢᠨ ᠦᠢᠯᠡᠰ ᠤᠨ ᠲᠠᠷᠢᠶᠠᠴᠢᠳ ᠤᠨ ᠬᠤᠷᠰᠢᠶ᠎ᠠ᠂ ᠬᠤᠩᠭᠤᠷᠭᠤᠣᠯ ᠪᠠᠯᠭᠠᠰᠤᠨ ᠤ | ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠲᠤ᠂ ᠡᠯᠡᠰᠦᠷᠬᠡᠭ ᠭᠠᠵᠠᠷ ᠢ ᠵᠠᠰᠠᠬᠤ᠂ | ᠨᠦᠯᠦᠮᠡᠯ ᠭᠠᠵᠠᠷ ᠢ ᠴᠡᠪᠡᠷᠯᠡᠬᠦ ᠢᠨᠵᠧᠨᠧᠷᠢᠩ᠂ ᠲᠡᠭᠰᠢᠷᠡᠭᠦᠯᠬᠦ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ | ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠬᠡᠷᠡᠭᠲᠡᠢ᠃ ᠬᠤᠷᠠᠭᠰᠠᠨ ᠢ ᠠᠷᠢᠯᠭᠠᠬᠤ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠦ᠂ | ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠬᠤ ᠶᠢᠨ ᠬᠠᠮᠲᠤ ᠦᠷ᠎ᠡ ᠠᠰᠢᠭ ᠢᠶᠠᠨ ᠪᠠᠳᠠᠷᠠᠭᠤᠯᠬᠤ ᠶᠢ | ᠪᠠᠲᠤᠯᠠᠬᠤ ᠬᠡᠷᠡᠭᠲᠡᠶ᠃ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠠᠯᠬᠤᠮ ᠠᠯᠬᠤᠮ ᠢᠶᠠᠷ ᠠᠬᠢᠭᠤᠯᠵᠤ᠂ ᠣᠶ | ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ | ᠬᠡᠷᠡᠭᠲᠡᠶ᠃ | ᠰᠦᠨ ᠵᠢᠶᠦ᠋ᠨ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭᠠᠨ ᠤ ᠮᠠᠯ ᠠᠵᠤ ᠠᠬᠤᠶ ᠶᠢᠨ ᠲᠤᠰᠬᠠᠶ | ᠬᠤᠷᠰᠢᠶ᠎ᠠ ᠵᠢᠴᠢ ᠬᠤᠩᠭᠤᠷᠭᠤᠤᠯ ᠪᠠᠯᠭᠠᠰᠤᠨ ᠤ ᠪᠠᠶᠠᠨᠬᠦᠭᠵᠢᠯ ᠭᠠᠴᠠᠭᠠᠨ ᠤ ᠬᠡᠰᠡᠭ ᠮᠠᠯᠵᠢᠬᠤ ᠡᠷᠦᠬᠡ ᠳᠤ ᠬᠦᠷᠴᠦ᠂ | ᠡᠪᠡᠰᠦ ᠪᠣᠷᠳᠤᠭ᠎ᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ | ᠪᠠ ᠬᠥᠮᠦᠨ ᠤ ᠬᠦᠴᠦ ᠪᠠᠷ ᠡᠪᠡᠰᠦ ᠲᠠᠷᠢᠬᠤ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠰᠦᠨ ᠵᠢᠶᠦ᠋ᠨ ᠴᠢᠬᠤᠯᠠᠴᠢᠯᠠᠭᠰᠠᠨ ᠨᠢ᠂ ᠬᠤᠷᠰᠢᠶ᠎ᠠ ᠬᠤᠯᠪᠣᠭᠠᠲᠤ ᠡᠷᠦᠬᠡ ᠶᠢᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠡᠪᠡᠰᠦ ᠪᠣᠷᠳᠤᠭ᠎ᠠ ᠡᠳ᠋ᠰᠢᠭᠦᠯᠦᠨ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ | ᠠᠬᠤᠶ ᠶᠢ ᠦᠨᠡᠨ ᠬᠦ ᠬᠠᠮᠠᠭᠠᠯᠠᠬᠤ ᠬᠡᠷᠡᠭᠲᠡᠶ᠃ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠠᠵᠢᠯ ᠢ ᠶᠡᠭᠡ ᠪᠠᠷ | ᠬᠥᠭᠵᠢᠭᠦᠯᠵᠦ᠂ ᠮᠠᠯ ᠪᠡᠯᠴᠢᠭᠡᠷ ᠤᠨ ᠪᠦᠲᠦᠴᠡ ᠶᠢ ᠰᠢᠯᠢᠳᠡᠭᠵᠢᠭᠦᠯᠦᠨ᠂ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠪᠠᠶᠢᠴᠠᠭᠠᠨ ᠰᠤᠳᠤᠯᠬᠤ ᠶᠠᠪᠤᠴᠠ ᠳᠤ᠂ ᠰᠦᠨ ᠵᠢᠶᠦ᠋ᠨ ᠪᠠᠰᠠ ᠰᠤᠮᠤ ᠪᠠᠯᠭᠠᠰᠤᠨ ᠤ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠭᠰᠡᠨ ᠨᠠᠷᠢᠨ ᠲᠠᠩᠰᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ | ᠳᠠᠷᠤᠭ᠎ᠠ ᠪᠠᠳᠠᠷᠠᠩᠭᠤᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠠᠯᠪᠠᠨ ᠭᠡᠷ ᠤᠨ | ᠡᠷᠬᠢᠯᠡᠭᠴᠢ ᠷᠧᠨ ᠬᠤᠤ᠂ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ᠂ ᠣᠢ ᠰᠢᠭᠤᠢ ᠤᠰᠤᠨ ᠠᠰᠢᠭᠯᠠᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ | ᠪᠠᠶᠢᠴᠠᠭᠠᠨ ᠰᠤᠳᠤᠯᠤᠯᠲᠠ ᠬᠢᠪᠡ᠃ |