3 ᠰᠠᠷ᠎ᠠ ᠶᠢᠨ 21 ᠤ ᠡᠳᠦᠷ ᠠᠴᠠ 23 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤ ᠳᠠᠷᠤᠭ᠎ᠠ ᠨᠠᠰᠤᠨᠪᠠᠲᠤ ᠪᠦᠯᠬᠦᠮ ᠳᠠᠭᠠᠭᠤᠯᠤᠨ ᠪᠡᠭᠡᠵᠢᠩ᠂ ᠲᠢᠶᠠᠨᠵᠢᠨ ᠵᠡᠷᠭᠡ ᠭᠠᠵᠠᠷ ᠲᠤ | ᠬᠦᠷᠴᠦ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠬᠠᠶᠢᠯᠤᠭᠤᠷ ᠵᠣᠩᠰᠢ ᠶᠢᠨ ᠡᠬᠢ ᠪᠠᠶᠠᠯᠢᠭ | ᠡᠳ᠋ᠰᠢᠭᠦᠯᠬᠦ᠂ ᠮᠢᠬᠠᠨ ᠦᠬᠡᠷ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠬᠠᠷᠠᠯᠲᠠᠲᠤ ᠠᠵᠤ ᠠᠬᠤᠶᠢᠯᠠᠯ ᠲᠠᠢ | ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠮᠳᠤᠷᠠᠯᠴᠠᠭᠠᠨ ᠤ ᠬᠡᠯᠡᠯᠴᠡᠭᠡᠷ ᠬᠢᠪᠠ᠃ | ᠨᠠᠰᠤᠨᠪᠠᠲᠤ ᠠᠴᠠ ᠬᠠᠢ ᠲᠠᠢ ᠰᠢᠨ᠎ᠡ ᠡᠨᠧᠷᠭᠢ᠂ ᠬᠤᠸᠠ ᠯᠦᠩ ᠰᠲ᠋ᠤᠺ᠂ ᠸᠧ ᠶᠢᠨ ᠮᠠᠯ ᠠᠵᠤ ᠠᠬᠤᠶ ᠶᠢᠨ | ᠰᠢᠨᠵᠢᠯᠡᠬᠦ ᠮᠡᠷᠭᠡᠵᠢᠯ ᠵᠡᠷᠭᠡ ᠠᠵᠤ ᠠᠬᠤᠶᠢᠯᠠᠯ ᠳᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ | ᠪᠠ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ | ᠵᠡᠷᠭᠡ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠣᠳᠣᠬᠠᠨ ᠳᠤ ᠠᠪᠠᠭ᠎ᠠ ᠬᠤᠰᠢᠭᠤ ᠶᠠᠭ | ᠪᠠᠶᠢᠯᠳᠤᠬᠤ ᠪᠣᠳᠣᠯᠭ᠎ᠠ ᠶᠢᠨ ᠬᠡᠯᠪᠡᠷᠢ ᠪᠠᠨ ᠬᠤᠪᠢᠷᠠᠭᠤᠯᠬᠤ ᠠᠵᠠ ᠳᠤᠬᠢᠶᠠᠯ ᠢ ᠠᠮᠵᠢᠨ᠂ ᠰᠢᠨ᠎ᠡ ᠡᠨᠧᠷᠭᠢ ᠶᠢᠨ | ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠬᠦ᠂ ᠰᠢᠨ᠎ᠡ ᠮᠠᠲ᠋ᠧᠷᠢᠶᠠᠯ ᠢ ᠨᠡᠭᠡᠭᠡᠨ | ᠠᠰᠢᠭᠯᠠᠬᠤ᠂ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠬᠦᠷᠢᠶ᠎ᠡ ᠴᠠᠷᠠᠭ᠎ᠠ ᠶᠢ | ᠢᠳᠡᠪᠬᠢᠲᠡᠶ ᠪᠥᠭᠡᠳ ᠭᠦᠨᠵᠡᠭᠡᠶ ᠠᠰᠢᠭᠯᠠᠵᠤ ᠪᠣᠯᠣᠨ᠎ᠠ᠃ ᠡᠲᠡᠭᠡᠷ ᠬᠦᠷᠢᠶ᠎ᠡ ᠴᠠᠷᠠᠭ᠎ᠠ ᠨᠢ ᠠᠵᠤ ᠠᠬᠤᠶᠢᠯᠠᠯ ᠤᠨ | ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠲᠠᠢ ᠨᠡᠶᠢᠴᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ | ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠵᠠᠪᠳᠤᠨ ᠪᠠᠯᠠ ᠤᠷᠤᠭᠤᠯᠬᠤ | ᠵᠣᠷᠢᠯᠭ᠎ᠠ ᠳᠤ ᠨᠡᠶᠢᠴᠡᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠷᠢᠯᠴᠠᠨ ᠠᠰᠢᠭᠲᠠᠶ ᠬᠠᠮᠲᠤ ᠪᠠᠷ ᠠᠰᠢᠭ | ᠭᠥᠷᠳᠡᠬᠦ ᠬᠠᠷᠠᠯᠲᠠ ᠶᠢ ᠪᠡᠶᠡᠯᠡᠭᠦᠯᠵᠦ ᠴᠢᠳᠠᠬᠤ ᠶᠤᠮ ᠭᠡᠪᠡ᠃ | ᠠᠵᠤ ᠠᠬᠤᠶᠢᠯᠠᠯ ᠤᠨ ᠬᠢᠨ ᠪᠡᠯᠡ ᠣᠷᠣᠭᠤᠯᠤᠯᠲᠠ ᠶᠢᠨ ᠢᠲᠡᠭᠡᠯ ᠪᠣᠯᠤᠨ ᠬᠦᠰᠡᠯ ᠰᠠᠨᠠᠭ᠎ᠠ ᠪᠠᠨ ᠴᠢᠨᠠᠭᠰᠢᠳᠠ | ᠪᠠᠲᠤᠳᠬᠠᠵᠤ᠂ ᠪᠡᠯᠡ ᠮᠥᠩᠭᠦ ᠬᠦᠷᠦᠯᠴᠡᠭᠡᠲᠡᠢ᠂ ᠮᠡᠷᠭᠡᠵᠢᠯ ᠰᠢᠯᠢᠳᠡᠭ᠂ ᠬᠠᠮᠢᠶᠠᠷᠤᠯᠲᠠ ᠰᠠᠶᠢᠨ ᠵᠡᠷᠭᠡ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠭᠡᠷ᠎ᠡ ᠲᠣᠭᠲᠠᠬᠤ᠂ | ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ ᠠᠪᠠᠭ᠎ᠠ ᠬᠤᠰᠢᠭᠤ ᠠᠵᠤ ᠠᠬᠤᠶᠢᠯᠠᠯ ᠤᠨ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠠᠯᠠ ᠣᠷᠣᠭᠤᠯᠤᠨ ᠦᠢᠯᠡᠰ ᠪᠤᠰᠬᠠᠬᠤ ᠶᠢ | ᠬᠠᠯᠠᠭᠤᠨ ᠢᠶᠠᠷ ᠤᠭᠲᠤᠬᠤ ᠶᠢᠨ ᠬᠠᠮᠲᠤ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠪᠠ | ︽ᠠᠵᠤ ᠠᠬᠤᠶᠢᠯᠠᠯ ᠳᠤ ᠬᠠᠮᠵᠢᠯᠴᠠᠬᠤ ᠠᠵᠢᠯᠯᠠᠭ᠎ᠠ︾ ᠲᠠᠢ ᠤᠶᠠᠯᠳᠤᠭᠤᠯᠤᠨ᠂ ᠭᠠᠷᠳᠠᠮ ᠭᠦᠢᠴᠡᠳᠬᠡᠬᠦ᠂ | ᠶᠠᠪᠤᠴᠠ ᠶᠢ ᠮᠥᠷᠳᠡᠬᠦ᠂ ᠠᠵᠢᠯᠯᠠᠭᠠᠨ ᠢ ᠪᠠᠲᠤᠯᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠳᠤ ᠪᠥᠬᠦ ᠬᠦᠴᠦᠨ | ᠵᠦᠢᠯ ᠤᠨ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠡᠷᠲᠡ | ᠪᠠᠶᠢᠭᠤᠯᠵᠤ᠂ ᠡᠷᠲᠡ ᠠᠰᠢᠭᠯᠠᠯᠲᠠ ᠳᠤ ᠤᠷᠤᠭᠤᠯᠤᠨ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠪᠡ᠃ | ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠳ᠋ᠧᠦ ᠶᠠᠨ ᠶᠣᠣ᠂ ᠵᠠᠰᠠᠭ ᠤᠨ ᠣᠷᠳᠣᠨ ᠤ ᠠᠯᠪᠠᠨ ᠭᠡᠷ᠂ | ᠴᠠᠭᠠᠨᠨᠠᠭᠤᠷ ᠪᠠᠯᠭᠠᠰᠤ᠂ ᠵᠢᠷᠭᠠᠯᠠᠩᠲᠤ ᠰᠣᠮᠣᠨ ᠤ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠬᠡᠯᠡᠯᠴᠡᠭᠡᠷ ᠬᠢᠬᠦ | ᠬᠤᠷᠠᠯ ᠳᠤ ᠣᠷᠣᠯᠴᠠᠪᠠ᠃ |