ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠢᠨ ᠠᠪᠠᠭ᠎ᠠ ᠬᠤᠰᠢᠭᠤᠨ ᠤ ᠵᠡᠮᠳᠡᠭᠴᠤᠳ ᠤᠨ ᠨᠠᠶᠢᠳᠠᠨ ᠠᠰᠠᠷᠠᠬᠤ ᠶᠡᠷᠦᠩᠭᠡᠶᠢᠯᠡᠭᠰᠡᠨ ᠦᠢᠯᠡᠴᠢᠯᠡᠭᠡᠨ ᠤ ᠲᠦᠪ ᠲᠤ
ᠨᠡᠶᠢᠲᠡᠯᠡᠭᠰᠡᠨ ᠴᠠᠭ᠄
2025/3/5
     2 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠣᠶᠣᠯ ᠤᠨ ᠫᠷᠤᠭ᠍ᠷᠠᠮ ᠦᠢᠯᠡᠳᠦᠨ ᠲᠠᠮᠵᠢᠭᠤᠯᠬᠤ ᠲᠥᠪ ᠤᠨ ᠬᠢᠨ ᠠᠪᠠᠭ᠎ᠠ ᠬᠤᠰᠢᠭᠤᠨ ᠤ ᠵᠡᠮᠳᠡᠭᠴᠤᠳ ᠤᠨ ᠨᠠᠶᠢᠳᠠᠨ ᠠᠰᠠᠷᠠᠬᠤ ᠶᠡᠷᠦᠩᠭᠡᠶᠢᠯᠡᠭᠰᠡᠨ ᠦᠢᠯᠡᠴᠢᠯᠡᠭᠡᠨ ᠤ ᠲᠦᠪ ᠲᠤ ᠬᠦᠷᠴᠦ᠂ ᠲᠣᠬᠤᠨᠢᠭᠤᠯᠬᠤ ᠠᠵᠢᠯᠯᠠᠭ᠎ᠠ ᠥᠷᠨᠢᠭᠦᠯᠦᠭᠰᠡᠨ ᠤ ᠬᠠᠮᠳᠦ ᠫᠷᠤᠭ᠍ᠷᠠᠮ ᠰᠢᠩᠭᠡᠭᠡᠨ  ᠦᠢᠯᠡᠳᠴᠦ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠪᠠ ᠪᠠᠶᠠᠷ ᠪᠠᠶᠠᠰᠤᠯ ᠤᠯᠭᠤᠵᠦ᠂ ᠲᠡᠳᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ   ᠬᠢᠨ ᠥᠷᠯᠥᠭᠡ ᠡᠷᠳᠡᠯᠡᠨ  ᠦᠢᠯᠡᠴᠢᠯᠡᠭᠡᠨ ᠤ ᠲᠦᠪ  ᠲᠤ ᠬᠦᠷᠴᠦ᠂  ᠨᠠᠰᠤᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠬᠡᠷᠡᠭᠴᠡᠭᠡ  ᠱᠠᠭᠠᠷᠳᠠᠯᠭ᠎ᠠ ᠶᠢ ᠤᠶᠢᠯᠠᠭᠠᠨ᠎ᠠ᠃ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠬᠠᠯᠠᠭᠤᠨ ᠳᠤᠯᠠᠭᠠᠨ ᠪᠠᠶᠢᠵᠤ᠂ ᠡᠭᠡᠰᠢᠭ ᠢᠷᠠᠭᠤ ᠠᠶ᠎ᠠ ᠳᠠᠭᠤᠤ᠂ ᠬᠠᠯᠠᠭᠤᠨ ᠲᠤᠳᠤᠨᠤᠰᠤᠭ ᠵᠤᠭᠤᠭ ᠶᠠᠷᠢᠯᠴᠠᠭ᠎ᠠ ᠲᠡᠷᠡ ᠪᠦᠬᠦᠨ ᠨᠢ ᠨᠠᠰᠤᠲᠠᠶᠢᠴᠤᠳ ᠢ ᠡᠷᠭᠡ ᠦᠭᠡᠢ ᠪᠠᠶᠠᠰᠬᠠᠨ᠂ ᠴᠢᠷᠠᠢ ᠲᠦᠬᠦᠷᠡᠩ ᠪᠠᠶᠠᠷ ᠵᠢᠷᠭᠠᠯ ᠤᠨ ᠢᠨᠢᠶᠡᠮᠰᠦᠭᠯᠡᠯ ᠲᠤᠳᠤᠷᠠᠨ᠎ᠠ᠃ ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠨᠠᠰᠤᠲᠠᠶᠢᠴᠤᠳ ᠲᠤ ᠨᠡᠶᠢᠭᠡᠮ ᠨᠡᠶᠢᠳᠡ ᠶᠢᠨ ᠬᠠᠶᠢᠷ᠎ᠠ ᠬᠠᠯᠠᠮᠵᠢ ᠪᠠ ᠬᠦᠨᠳᠦᠳᠬᠡᠯ ᠢ ᠭᠦᠢᠴᠡᠳ ᠮᠡᠳᠡᠷᠡᠭᠦᠯᠪᠡ᠃      ᠫᠷᠤᠭ᠍ᠷᠠᠮ ᠰᠢᠩᠭᠡᠭᠡᠨ ᠦᠢᠯᠡᠳᠬᠦ ᠶᠠᠪᠤᠴᠠ ᠳᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠢᠨ ᠨᠠᠰᠤᠲᠠᠶᠢᠴᠤᠳ ᠤᠨ ᠠᠮᠢᠳᠤᠷᠠᠯ ᠤᠨ ᠥᠯᠢᠭᠡᠷ ᠤᠴᠠᠷᠠᠯ ᠪᠠ ᠣᠶᠤᠨ ᠰᠠᠨᠠᠭᠠᠨ ᠤ ᠶᠢᠷᠲᠢᠨᠴᠦ ᠶᠢ ᠣᠨᠴᠠᠭᠠᠶᠢᠯᠠᠨ ᠠᠩᠬᠠᠷᠴᠤ᠂ ᠰᠡᠭᠦᠳᠡᠷᠯᠡᠬᠦ ᠮᠠᠰᠢᠨ ᠢᠶᠠᠷ ᠳᠠᠮᠵᠢᠭᠤᠯᠤᠨ ᠲᠡᠳᠡᠨ ᠤ ᠠᠳᠡᠬᠢ ᠠᠮᠢᠳᠤᠷᠠᠯ ᠤᠨ ᠵᠢᠵᠢᠭ ᠰᠠᠵᠢᠭ ᠵᠦᠢᠯ ᠢ ᠲᠡᠮᠳᠡᠭᠯᠡᠵᠦ᠂ ᠫᠷᠤᠭ᠍ᠷᠠᠮ ᠢᠶᠠᠷ ᠳᠠᠮᠵᠢᠭᠤᠯᠤᠨ᠂ ᠨᠠᠩ ᠣᠯᠠᠨ ᠬᠥᠮᠦᠰ ᠤᠨ ᠨᠠᠰᠤᠲᠠᠶᠢᠴᠤᠳ ᠤᠨ ᠠᠮᠢᠳᠤᠷᠠᠯ ᠢ ᠠᠩᠬᠠᠷᠴᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠠᠶᠢᠷᠠᠯᠠᠬᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮᠵᠢᠯᠠᠨ ᠪᠠᠳᠠᠷᠠᠭᠤᠯᠬᠤ ᠶᠢ ᠬᠦᠰᠡᠭᠰᠡᠨ ᠪᠠᠶᠢᠨ᠎ᠠ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠣᠶᠣᠯ ᠤᠨ ᠫᠷᠤᠭ᠍ᠷᠠᠮ ᠦᠢᠯᠡᠳᠦᠨ ᠲᠠᠮᠵᠢᠭᠤᠯᠬᠤ ᠲᠥᠪ ᠤᠨ ᠨᠠᠮ ᠤᠨ ᠡᠭᠦᠷ ᠤᠨ ᠤᠬᠠᠭᠤᠯᠬᠤ ᠭᠡᠰᠢᠭᠦᠨ ᠠᠷᠰᠯᠠᠨ᠄ ︽ᠠᠪᠠᠭ᠎ᠠ ᠨᠤᠳᠤᠭ ᠲᠤ ᠢᠷᠡᠭᠰᠡᠨ ᠳᠤ ᠪᠠᠨ ᠮᠠᠰᠢ ᠰᠡᠳᠬᠢᠯ ᠳᠦᠭᠦᠷᠡᠩ ᠪᠠᠶᠢᠨ᠎ᠠ  ᠃ ᠮᠠᠨ ᠤ ᠨᠠᠮ ᠤᠨ ᠡᠭᠦᠷ ᠢᠷᠡᠭᠡᠳᠦᠢ ᠳᠤ ᠨᠡᠩ ᠣᠯᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠵᠠᠭᠤᠴᠢᠯᠠᠭᠤᠷ ᠤᠨ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠤᠨ᠂ ᠰᠣᠶᠣᠯ ᠤᠨ ᠵᠠᠭᠤᠴᠢᠯᠠᠭᠤᠷ ᠤᠨ ᠬᠦᠴᠦᠨ ᠢᠶᠠᠷ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢᠶᠠᠨ ᠪᠠᠳᠠᠷᠠᠭᠤᠯᠵᠤ᠂ ᠨᠡᠶᠢᠭᠡᠮ ᠲᠠᠶᠠᠭᠠᠷ ᠲᠤ ᠨᠠᠩ ᠣᠯᠠᠨ ᠢᠳᠡᠪᠬᠢ ᠦᠭᠡᠳᠡᠷᠭᠡᠭ ᠬᠦᠴᠦᠨ ᠨᠡᠮᠡᠷᠢᠯᠡᠬᠦ ᠶᠢ ᠤᠷᠢᠶᠠᠯᠠᠵᠤ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠭᠤᠴᠢᠯᠠᠭᠤᠷ ᠪᠠ ᠣᠯᠠᠨ ᠲᠦᠮᠡᠨ ᠢ ᠤᠯᠠᠮ ᠨᠢᠭᠡ ᠠᠯᠬᠤᠮ ᠣᠶᠢᠷᠠᠲᠤᠭᠤᠯᠵᠤ᠂ ᠠᠪᠠᠭ᠎ᠠ ᠬᠤᠰᠢᠭᠤᠨ ᠤ ᠵᠡᠮᠳᠡᠭᠴᠤᠳ ᠤᠨ ᠨᠠᠶᠢᠳᠠᠨ ᠠᠰᠠᠷᠠᠬᠤ ᠶᠡᠷᠦᠩᠭᠡᠶᠢᠯᠡᠭᠰᠡᠨ ᠦᠢᠯᠡᠴᠢᠯᠡᠭᠡᠨ ᠤ ᠲᠦᠪ ᠤᠨ ᠨᠠᠰᠤᠲᠠᠶᠢᠴᠤᠳ ᠲᠤ ᠰᠠᠶᠢᠬᠠᠨ ᠲᠤᠷᠠᠰᠤᠮᠵᠢ ᠦᠯᠡᠳᠡᠭᠡᠨ᠂ ᠲᠡᠳᠡᠨ ᠳᠤ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠤᠨ ᠳᠤᠮᠳᠠ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠬᠦᠯᠬᠦ ᠢ ᠵᠤᠷᠢᠭᠰᠠᠨ ᠶᠤᠮ︾ ᠭᠡᠮᠡᠨ ᠤᠴᠢᠷᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号