ᠠᠪᠠᠭ᠎ᠠ ᠬᠤᠰᠢᠭᠤᠨ ᠤ 2025 ᠣᠨ ᠤ ᠤᠷᠢᠬᠠᠨ ᠬᠠᠪᠤᠷ ᠤᠨ ᠠᠵᠢᠯᠯᠠᠭ᠎ᠠ ᠵᠢᠴᠢ ︽ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠤᠨ ᠤᠨᠢᠨ ᠳᠡᠭᠡᠷ᠎ᠡ ᠨᠢ ᠦᠢᠯᠡᠴᠢᠯᠡᠵᠦ ᠠᠷᠠᠳ ᠤᠨ ᠰᠡᠳᠬᠢᠯ ᠢ ᠲᠤᠯᠠᠭᠠᠴᠠᠭᠤᠯᠬᠤ︾ ᠠᠬᠤᠢ ᠲᠠᠯᠠᠪᠠᠢ ᠳᠤ ᠠᠵᠢᠯᠲᠠᠨ ᠡᠯᠰᠡᠬᠦ  ᠴᠤᠭᠯᠠᠭᠠᠨ ᠤ ᠤᠷᠢᠯᠭ᠎ᠠ 
ᠨᠡᠶᠢᠲᠡᠯᠡᠭᠰᠡᠨ ᠴᠠᠭ᠄
2025/3/5
ᠡᠯ᠎ᠡ ᠠᠵᠢᠯᠲᠠᠨ ᠬᠡᠷᠡᠭᠯᠡᠬᠦ ᠪᠠᠶᠢᠭᠤᠯᠭ᠎ᠠ ᠨᠢᠭᠡᠴᠡ ᠪᠣᠯᠤᠨ ᠥᠷᠭᠡᠨ ᠣᠯᠠᠨ ᠠᠵᠢᠯ ᠡᠷᠢᠭᠰᠡᠳ ᠲᠤ᠄      ᠨᠠᠮ  ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ  ᠤᠨ ᠬᠤᠷᠢᠶᠠᠨ ᠤ ᠠᠵᠢᠯ ᠤᠯᠭᠤᠯᠳᠠ ᠶᠢ ᠤᠷᠢᠳᠠᠪᠡᠷ ᠪᠤᠳᠤᠯᠬᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠶ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠭᠡᠳ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ  ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠵᠢᠨ‌ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠶᠡᠬᠡᠪᠡᠷ ᠬᠡᠷᠡᠭᠵᠢᠭᠦᠯᠵᠦ᠂ ᠡᠯ᠎ᠡ ᠲᠦᠷᠦᠯ ᠤᠨ ᠠᠵᠢᠯ ᠡᠷᠢᠭᠰᠡᠳ ᠪᠣᠯᠤᠨ ᠠᠵᠢᠯᠲᠠᠨ ᠬᠡᠷᠡᠭᠯᠡᠬᠦ ᠪᠠᠶᠢᠭᠤᠯᠭ᠎ᠠ ᠨᠢᠭᠡᠴᠡ ᠶᠢᠨ ᠰᠣᠯᠢᠯᠴᠠᠭᠠᠨ ᠤ ᠲᠠᠪᠴᠠᠩ ᠢ ᠪᠦᠲᠦᠮᠵᠢᠲᠡᠶ ᠪᠠᠶᠢᠭᠤᠯᠵᠤ᠂ ᠠᠵᠢᠯ ᠣᠯᠭᠤᠯᠲᠠ ᠶᠢ ᠪᠥᠬᠦ ᠬᠦᠴᠦᠨ ᠢᠶᠠᠷ ᠲᠣᠭᠲᠠᠪᠤᠷᠢᠵᠢᠭᠤᠯᠵᠤ᠂ ᠠᠵᠢᠯᠳᠠᠨ ᠬᠡᠷᠡᠭᠯᠡᠬᠦ  ᠶᠢ  ᠪᠠᠲᠤᠯᠠᠨ᠂ ᠬᠥᠭᠵᠢᠯᠲᠡ ᠶᠢ ᠠᠬᠢᠭᠤᠯᠵᠤ᠂ ᠮᠠᠨ ᠤ  ᠬᠤᠰᠢᠭᠤᠨ ᠤ ᠠᠵᠤ ᠠᠬᠤᠶᠢᠯᠠᠯ ᠤᠨ ᠠᠵᠢᠯᠳᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠪᠠᠷ ᠬᠠᠪᠰᠤᠷᠤᠨ ᠰᠢᠢᠳᠪᠦᠷᠢᠯᠡᠵᠦ᠂ ᠬᠦᠳᠡᠯᠮᠤᠷᠢ ᠬᠦᠴᠦᠨ ᠤ ᠠᠵᠢᠯ ᠤᠯᠭᠤᠯᠳᠠ ᠶᠢ ᠠᠬᠢᠭᠤᠯᠬᠤ ᠪᠠᠷ᠂ 2025 ᠣᠨ ᠤ 3 ᠰᠠᠷ᠎ᠠ ᠶᠢᠨ 5 ᠤ ᠡᠳᠦᠷ ᠠᠪᠠᠭ᠎ᠠ ᠬᠤᠰᠢᠭᠤᠨ ᠤ 2025 ᠣᠨ ᠤ ᠤᠷᠢᠬᠠᠨ ᠬᠠᠪᠤᠷ ᠤᠨ ᠠᠵᠢᠯᠯᠠᠭ᠎ᠠ ᠵᠢᠴᠢ ︽ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠤᠨ ᠤᠨᠢᠨ ᠳᠡᠭᠡᠷ᠎ᠡ ᠨᠢ ᠦᠢᠯᠡᠴᠢᠯᠡᠵᠦ ᠠᠷᠠᠳ ᠤᠨ ᠰᠡᠳᠬᠢᠯ ᠢ ᠲᠤᠯᠠᠭᠠᠴᠠᠭᠤᠯᠬᠤ︾ ᠠᠬᠤᠢ ᠲᠠᠯᠠᠪᠠᠢ ᠳᠤ ᠠᠵᠢᠯᠲᠠᠨ ᠡᠯᠰᠡᠬᠦ  ᠴᠤᠭᠯᠠᠭᠠᠨ ᠢ ᠡᠷᠬᠢᠯᠡᠬᠦ ᠪᠠᠷ  ᠲᠣᠭᠲᠠᠵᠠᠢ ᠃ ᠡᠯ᠎ᠡ ᠠᠵᠢᠯᠲᠠᠨ ᠬᠡᠷᠡᠭᠯᠡᠬᠦ ᠪᠠᠶᠢᠭᠤᠯᠭ᠎ᠠ ᠨᠢᠭᠡᠴᠡ ᠬᠢᠭᠡᠳ ᠥᠷᠭᠡᠨ ᠣᠯᠠᠨ ᠠᠵᠢᠯ ᠡᠷᠢᠭᠰᠡᠳ ᠤᠨ ᠢᠳᠡᠪᠬᠢᠯᠡᠨ ᠤᠷᠤᠯᠴᠠᠬᠤ ᠶᠢ ᠤᠷᠢᠵᠦ ᠪᠠᠶᠢᠨ᠎ᠠ᠃      ᠠᠵᠢᠯᠯᠠᠭᠠᠨ ᠤ ᠭᠤᠤᠯ ᠰᠡᠳᠦᠪ      ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠤᠨ ᠤᠨᠢᠨ ᠳᠡᠭᠡᠷ᠎ᠡ ᠨᠢ ᠦᠢᠯᠡᠴᠢᠯᠡᠵᠦ ᠠᠷᠠᠳ ᠤᠨ ᠰᠡᠳᠬᠢᠯ ᠢ ᠲᠤᠯᠠᠭᠠᠴᠠᠭᠤᠯᠬᠤᠵᠣᠬᠢᠶᠠᠨ ᠪᠠᠶᠢᠭᠤᠯᠤᠭᠰᠠᠨ ᠨᠢᠭᠡᠴᠡᠭᠤᠣᠯᠯᠠᠨ ᠡᠷᠬᠢᠯᠡᠭᠰᠡᠨ  ᠨᠢᠭᠡᠴᠡ᠄      ᠠᠪᠠᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      ᠠᠪᠠᠭ᠎ᠠ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠲᠣᠪᠴᠢᠶ᠎ᠠ      ᠠᠪᠠᠭ᠎ᠠ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ      ᠠᠪᠠᠭ᠎ᠠ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ      ᠠᠪᠠᠭ᠎ᠠ  ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ      ᠠᠪᠠᠭ᠎ᠠ ᠬᠤᠰᠢᠭᠤᠨ ᠤ ᠡᠪᠯᠡᠯ ᠤᠨ ᠬᠤᠷᠢᠶ᠎ᠠ      ᠠᠪᠠᠭ᠎ᠠ ᠬᠤᠰᠢᠭᠤᠨ ᠤ  ᠡᠮᠡᠭᠲᠡᠶᠢᠴᠦᠳ ᠤᠨ ᠬᠤᠯᠪᠣᠭᠠᠲᠤ ᠬᠤᠷᠠᠯ      ᠠᠪᠠᠭ᠎ᠠ  ᠬᠤᠰᠢᠭᠤᠨ ᠤ ᠵᠡᠮᠳᠡᠭᠴᠦᠳ ᠤᠨ ᠬᠤᠯᠪᠤᠭ᠎ᠠ      ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ      ᠠᠪᠠᠭ᠎ᠠ ᠬᠤᠰᠢᠭᠤᠨ ᠤ ᠨᠡᠶᠢᠭᠡᠮ  ᠤᠨ ᠳᠠᠭᠠᠳᠬᠠᠯ ᠠᠵᠢᠯ ᠦᠢᠯᠡᠰ ᠤᠨ ᠦᠢᠯᠡᠴᠢᠯᠡᠭᠡᠨ ᠤ ᠲᠥᠪ      ᠲᠠᠭᠠᠭᠠᠴᠢᠯᠠᠨ ᠡᠷᠬᠢᠯᠡᠬᠦ ᠨᠢᠭᠡᠴᠡ᠄      ᠠᠪᠠᠭ᠎ᠠ ᠬᠤᠰᠢᠭᠤᠨ ᠤ ᠠᠵᠢᠯ ᠤᠯᠭᠤᠯᠳᠠ ᠶᠢᠨ ᠦᠢᠯᠡᠴᠢᠯᠡᠭᠡᠨ ᠤ ᠲᠥᠪ      ᠦᠢᠯᠡᠴᠢᠯᠡᠬᠦ ᠡᠲᠡᠭᠡᠳ      ︵ᠨᠢᠭᠡ︶ ᠠᠵᠢᠯ ᠣᠯᠵᠤ ᠦᠢᠯᠡᠰ ᠪᠤᠰᠬᠠᠬᠤ ᠬᠦᠰᠡᠯ ᠡᠷᠡᠮᠡᠯᠵᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠤᠷᠢ ᠬᠦᠴᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠪᠠᠭᠲᠠᠨ᠎ᠠ︶᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠳᠣᠣᠷ᠎ᠠ ᠬᠥᠮᠦᠨ ᠠᠮᠠ᠂ ᠭᠠᠳᠠᠭᠰᠢ ᠭᠠᠷᠴᠤ ᠬᠦᠴᠦ ᠶᠠᠪᠤᠭᠴᠢ ᠪᠠ ᠣᠶᠢᠷ᠎ᠠ ᠬᠠᠪᠢ ᠳᠠᠭᠠᠨ ᠠᠵᠢᠯ ᠣᠯᠵᠤ ᠦᠢᠯᠡᠰ  ᠪᠤᠰᠬᠠᠬᠤ ᠪᠠᠷ ᠪᠠᠶᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ᠂ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠥᠩᠭᠡᠷᠡᠭᠰᠡᠨ ᠵᠢᠯ ᠤᠳ ᠤᠨ ᠠᠵᠢᠯ ᠣᠯᠤᠭᠠᠳᠤᠶ ᠤᠶᠤᠳᠠᠳ᠂ ᠬᠤᠲᠠ ᠪᠠᠯᠭᠠᠰᠤᠨ ᠤ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ︔      ︵ᠬᠤᠶᠠᠷ︶ ᠠᠵᠢᠯᠳᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠡ︔      ︵ᠭᠤᠷᠪᠠ︶ ᠠᠵᠢᠯ ᠣᠯᠵᠤ ᠦᠢᠯᠡᠰ ᠪᠣᠰᠬᠠᠬᠤ ᠬᠦᠰᠡᠯ ᠲᠠᠢ ᠪᠤᠰᠤᠳ  ᠬᠦᠳᠡᠯᠮᠤᠷᠢ ᠬᠦᠴᠦ᠃      ᠠᠵᠢᠯᠯᠠᠭ᠎ᠠ ᠶᠢᠨ ᠭᠠᠵᠠᠷ      ᠠᠪᠠᠭ᠎ᠠ ᠬᠤᠰᠢᠭᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ      ᠠᠵᠢᠯᠯᠠᠭ᠎ᠠ ᠶᠢᠨ ᠴᠠᠭ      2025 ᠣᠨ ᠤ 3 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨᠡᠬᠢ 10 ᠴᠠᠭ      ᠣᠷᠣᠯᠴᠠᠬᠤ ᠬᠡᠯᠪᠡᠷᠢ      ᠠᠵᠢᠯᠲᠠᠨ ᠬᠡᠷᠡᠭᠯᠡᠬᠦ ᠪᠠᠶᠢᠭᠤᠯᠭ᠎ᠠ ᠨᠢᠭᠡᠴᠡ᠂ ᠠᠵᠢᠯ ᠡᠷᠢᠭᠰᠡᠳ ᠳᠣᠤᠷᠠᠬᠢ ᠺᠣᠳ᠋ ᠢ ᠰᠢᠷᠪᠢᠵᠦ ᠨᠡᠷ᠎ᠡ ᠮᠡᠳᠡᠭᠦᠯᠦᠨ᠎ᠡ᠃      ᠬᠠᠷᠢᠯᠴᠠᠬᠤ ᠬᠥᠮᠦᠨ᠄ ᠤᠶᠠᠩᠭ᠎ᠠ      ᠬᠠᠷᠢᠯᠴᠠᠬᠤ ᠤᠲᠠᠰᠤ᠄ 13947932121      ᠨᠡᠷ᠎ᠡ ᠮᠡᠳᠡᠭᠦᠯᠬᠦ ᠴᠠᠭ᠄ 2025 ᠣᠨ ᠤ 2 ᠰᠠᠷ᠎ᠠ ᠶᠢᠨ 20 ᠤ ᠡᠳᠦᠷ ᠠᠴᠠ  3 ᠰᠠᠷ᠎ᠠ ᠶᠢᠨ 5 ᠤ ᠡᠳᠦᠷ ᠪᠣᠯᠲᠠᠯ᠎ᠠ      ᠪᠣᠳᠠᠲᠠᠶ ᠠᠵᠢᠯᠲᠠᠨ ᠡᠯᠰᠡᠬᠦ ᠴᠤᠭᠯᠠᠭᠠᠨ ᠲᠡᠭᠡᠷᠡᠬᠢ ᠤᠷᠤᠨ ᠪᠠᠶᠢᠷᠢ ᠬᠤᠪᠢᠶᠠᠷᠢᠯᠠᠬᠤ ᠵᠡᠷᠭᠡ ᠠᠵᠢᠯ ᠢ ᠠᠰ ᠲᠤᠨᠢ ᠮᠡᠳᠡᠭᠳᠡᠨ᠎ᠡ᠃      ᠢᠷᠡᠯᠲᠡ᠄ ᠠᠪᠠᠭ᠎ᠠ ᠬᠤᠰᠢᠭᠤᠨ ᠤ ᠠᠵᠢᠯ ᠤᠯᠭᠤᠯᠳᠠ ᠶᠢᠨ ᠦᠢᠯᠡᠴᠢᠯᠡᠭᠡᠨ ᠤ ᠲᠥᠪ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号