3 ᠰᠠᠷ᠎ᠠ ᠶᠢᠨ 24 ᠤ ᠡᠳᠦᠷ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠪᠠᠳᠠᠷᠠᠩᠭᠤᠢ ᠤᠯᠠᠨ ᠲᠦᠮᠡᠨ ᠤ ᠲᠡᠷᠬᠡᠳᠡᠬᠢ ᠲᠦᠪ ᠪᠤᠰᠤ | ᠰᠤᠷᠳᠠᠯ ᠪᠠ ᠢᠯᠵᠡᠷᠡᠯ ᠤᠨ ᠠᠰᠠᠭᠤᠳᠠᠯ ᠢ ᠰᠢᠢᠳᠪᠦᠷᠢᠯᠡᠬᠦ ᠵᠢᠴᠢ ᠲᠠᠷᠢᠶᠠᠯᠠᠩ ᠮᠠᠯ ᠠᠵᠤ ᠠᠬᠤᠢ ᠤᠢ ᠰᠢᠭᠤᠢ | ᠤᠰᠤᠨ ᠠᠰᠢᠭᠯᠠᠯᠳᠠ ᠶᠢᠨ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠨᠢ ᠳᠠᠷᠤᠶ ᠲᠦᠷᠭᠡᠨ ᠰᠤᠮᠤ ᠪᠠᠯᠭᠠᠰᠤ ᠪᠠ | ᠭᠠᠴᠠᠭᠠᠨ ᠤ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠲᠠᠰ ᠳᠠᠷᠠᠭᠠᠯᠠᠯ ᠲᠠᠢ ᠬᠠᠷᠢᠴᠠᠭᠤᠯᠤᠨ᠂ 2022 | ᠣᠨ ᠠᠴᠠ 2024 ᠤᠨ ᠪᠣᠯᠲᠠᠯᠠᠬᠢ ᠬᠡᠷᠡᠭᠯᠡᠯᠲᠡ ᠶᠢ ᠵᠣᠯᠭᠠᠭᠤᠯᠬᠤ ᠪᠠᠯᠠ ᠮᠥᠩᠭᠦ ᠶᠢ ᠬᠡᠷᠡᠭᠵᠢᠭᠦᠯᠬᠦ ᠲᠥᠷᠥᠯ | ᠵᠦᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠳᠥᠷᠪᠡᠨ ᠨᠢᠭᠡ ᠪᠦᠯᠦᠭ︾ ᠪᠠ ︽ᠭᠤᠷᠪᠠᠨ ᠬᠥᠷᠥᠩᠭᠡ︾ | ᠶᠢ ᠴᠡᠭᠴᠡᠯᠡᠨ ᠪᠠᠶᠢᠴᠠᠭᠠᠬᠤ ᠪᠠ ᠬᠥᠳᠡᠭᠡ ᠲᠣᠰᠬᠤᠨ ᠤ ᠪᠠᠯᠠ ᠮᠥᠩᠭᠦ ᠶᠢ ᠬᠢᠨᠠᠨ ᠬᠠᠮᠢᠶᠠᠷᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠬᠥᠷᠥᠩᠭᠡ ᠶᠢ ᠬᠢᠨᠠᠨ ᠬᠠᠷᠭᠤᠭᠤᠯᠵᠤ ᠳᠡᠩᠰᠡᠯᠡᠨ | ᠣᠷᠣᠭᠤᠯᠬᠤ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ ᠲᠤᠰᠬᠠᠶ ᠮᠡᠷᠭᠡᠵᠢᠯ ᠤᠨ ᠴᠡᠭᠴᠡᠯᠡᠨ | ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ | ᠪᠠᠶᠠᠯᠢᠭ ᠲᠤ ᠪᠦᠬᠦ ᠲᠠᠯ᠎ᠠ ᠶᠢᠨ᠂ ᠨᠠᠷᠢᠯᠢᠭ᠂ ᠭᠦᠨᠵᠡᠭᠡᠶ ᠴᠡᠭᠴᠡᠯᠡᠨ ᠪᠠᠶᠢᠴᠠᠭᠠᠨ᠎ᠠ᠃ ᠡᠳ᠋ ᠬᠥᠷᠥᠩᠭᠡ ᠶᠢᠨ ᠠᠰᠢᠭ | ᠣᠷᠣᠯᠭ᠎ᠠ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠵᠤᠷᠪᠤᠰ ᠳᠠᠷᠠᠭᠠᠯᠠᠨ ᠡᠮᠬᠢᠯᠡᠬᠦ ᠬᠡᠷᠡᠭᠲᠡᠶ᠃ ᠰᠤᠮᠤ ᠪᠠᠯᠭᠠᠰᠤ ᠪᠠ | ᠭᠠᠴᠠᠭᠠᠨ ᠳᠤ ᠨᠠᠶᠢᠳᠠᠪᠤᠷᠢᠵᠢᠭᠤᠯᠤᠭᠰᠠᠨ ᠠᠯᠢᠪᠠ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠤᠨ ᠬᠥᠷᠥᠩᠭᠡ ᠳᠤ | ᠴᠢᠭᠯᠡᠭᠦᠯᠦᠨ᠂ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠪᠠ ᠲᠠᠩᠰᠠ ᠡᠪᠬᠡᠮᠡᠯ ᠳᠤ | ᠣᠷᠣᠭᠤᠯᠬᠤ ᠶᠢ ᠰᠠᠶᠢᠲᠤᠷ ᠬᠢᠬᠦ ᠬᠡᠷᠡᠭᠲᠡᠶ᠃ ︽ᠳᠥᠷᠪᠡᠨ ᠨᠢᠭᠡ ᠪᠦᠯᠦᠭ︾ ᠤᠨ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠥᠩᠭᠡᠷᠡᠭᠰᠡᠨ ᠵᠢᠯ ᠤᠳ ᠤᠨ ᠲᠠᠩᠰᠠ ᠡᠪᠬᠡᠮᠡᠯ ᠤᠨ ᠮᠠᠲ᠋ᠧᠷᠢᠶᠠᠯ ᠨᠢ ᠭᠠᠴᠠᠭᠠᠨ ᠤ ᠲᠠᠩᠰᠠ ᠲᠠᠢ | ᠬᠠᠷᠭᠤᠵᠤ ᠪᠠᠶᠢᠬᠤ ᠡᠰᠡᠬᠦ ᠶᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠲᠠᠩᠰᠠ ᠬᠠᠷ᠎ᠠ᠂ ᠲᠠᠩᠰᠠ ᠡᠪᠬᠡᠮᠡᠯ ᠪᠠ | ᠪᠣᠳᠠᠲᠠᠶ ᠠᠭᠤᠯᠭ᠎ᠠ ᠨᠢ ᠪᠦᠷᠢᠮᠦᠰᠦᠨ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠭᠤᠷᠪᠠᠨ | ᠬᠦᠷᠦᠩᠭᠡ︾ ᠶᠢ ᠴᠡᠭᠴᠡᠯᠡᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠪᠠᠷ ᠳᠠᠮᠵᠢᠭᠤᠯᠤᠨ᠂ | ᠬᠠᠮᠲᠤ ᠶᠢᠨ ᠪᠠᠶᠢᠳᠠᠯ ᠢ ᠦᠨᠡᠨ ᠬᠦ ᠲᠣᠳᠣᠷᠬᠠᠶ ᠣᠶᠢᠯᠠᠭᠠᠵᠤ᠂ ᠡᠬᠢ ᠪᠠᠶᠠᠯᠢᠭ ᠢ ᠦᠷᠭᠦᠯᠵᠢᠯᠡᠬᠦᠶᠢᠴᠡ ᠵᠦᠶ | ᠵᠣᠬᠢᠰᠲᠠᠶ ᠠᠰᠢᠭᠯᠠᠬᠤ᠂ ᠬᠠᠮᠲᠤ ᠶᠢᠨ ᠠᠵᠤ ᠠᠬᠤᠶ ᠶᠢ ᠬᠥᠭᠵᠢᠭᠦᠯᠬᠦ᠂ ᠮᠠᠯᠴᠢᠳ ᠤᠨ ᠡᠷᠬᠡ ᠠᠰᠢᠭ ᠢ | ᠪᠠᠲᠤᠯᠠᠬᠤ ᠳᠤ ᠪᠠᠲᠤ ᠪᠠᠬᠢ ᠰᠠᠭᠤᠷᠢ ᠶᠢ ᠪᠠᠬᠢᠵᠢᠭᠦᠯᠵᠦ᠂ ᠥᠷᠭᠡᠨ ᠣᠯᠠᠨ ᠮᠠᠯᠴᠢᠳ ᠤᠨ ᠲᠣᠰ ᠪᠡᠶ᠎ᠡ ᠶᠢᠨ ᠠᠰᠢᠭ | ᠲᠤᠰᠠ ᠶᠢ ᠦᠨᠡᠨ ᠬᠦ ᠰᠠᠶᠢᠲᠤᠷ ᠬᠠᠮᠠᠭᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ | ᠪᠦᠲᠦᠭᠡᠯ ᠢ ᠮᠠᠯᠴᠢᠨ ᠲᠦᠮᠡᠨ ᠨᠢᠭᠡᠪᠦᠷᠢ ᠳᠤ ᠲᠥᠪ ᠭᠤᠤᠯᠴᠢ ᠪᠠᠷ ᠬᠦᠷᠲᠡᠭᠡᠬᠦ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠨᠤᠲᠤᠭ ᠪᠡᠯᠴᠢᠭᠡᠷ ᠤᠨ ᠳᠠᠭᠠᠭᠠᠴᠠ ᠶᠢᠨ | ᠴᠢᠳᠠᠪᠬᠢ ᠶᠢ ᠨᠢᠭᠲᠠ ᠠᠩᠬᠠᠷᠴᠤ᠂ ᠮᠠᠯ ᠲᠡᠵᠢᠭᠡᠨ ᠦᠷᠡᠵᠢᠭᠦᠯᠬᠦ ᠬᠡᠪᠴᠢᠶ᠎ᠡ ᠶᠢᠨ ᠴᠢᠩᠭ᠎ᠠ ᠲᠥᠯᠥᠪᠵᠢᠭᠦᠯᠭᠡ ᠶᠢ | ᠲᠣᠭᠲᠠᠭᠠᠨ᠂ ᠮᠠᠯᠴᠢᠳ ᠲᠤ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠶᠢᠨ ᠬᠤᠣᠷ ᠬᠥᠨᠥᠭᠡᠯ ᠢ ᠨᠠᠷᠢᠨ | ᠨᠢᠭᠲᠠ ᠤᠬᠠᠭᠤᠯᠵᠤ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠠᠯ ᠪᠡᠯᠴᠢᠭᠡᠷ ᠤᠨ ᠳᠠᠭᠠᠭᠠᠴᠠ ᠶᠢᠨ | ᠲᠣᠭᠲᠠᠭᠠᠯ ᠢ ᠤᠬᠠᠮᠰᠠᠷ ᠠᠴᠠ ᠪᠠᠨ ᠰᠠᠬᠢᠬᠤ ᠬᠡᠷᠡᠭᠲᠡᠶ᠃ ᠮᠢᠬᠠᠨ ᠤ ᠦᠬᠡᠷ᠂ ᠮᠢᠬᠠᠨ ᠤ ᠬᠤᠨᠢ᠂ ᠠᠪᠠᠭ᠎ᠠ ᠬᠠᠷ᠎ᠠ | ᠠᠳᠤᠭᠤᠨ ᠤ ᠠᠵᠤ ᠦᠢᠯᠡᠰ ᠤᠨ ᠲᠠᠯ᠎ᠠ ᠪᠠᠷ ᠦᠷ᠎ᠡ ᠶᠢᠨ ᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ | ᠡᠭᠦᠯᠳᠡᠷ ᠪᠤᠶᠢᠵᠢᠭᠤᠯᠬᠤ ᠶᠢ ᠬᠤᠯᠪᠣᠭᠠᠯᠠᠨ ᠦᠷᠨᠢᠭᠦᠯᠵᠦ ᠰᠢᠪᠳᠤᠯᠤᠯᠲᠠ ᠲᠠᠢ ᠪᠣᠯᠭᠠᠨ᠂ ᠦᠷ᠎ᠡ ᠶᠢᠨ ᠮᠠᠯ ᠤᠨ ᠡᠬᠢ | ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠦᠷ᠎ᠡ ᠶᠢᠨ ᠮᠠᠯ ᠤᠨ ᠲᠠᠯᠠᠪᠠᠶ᠂ | ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠪᠠ ᠰᠠᠶᠢᠨ ᠡᠭᠦᠯᠳᠡᠷ ᠤᠨ ᠮᠠᠯ ᠢ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠮᠢᠬᠠᠨ ᠤ ᠦᠬᠡᠷ ᠤᠨ ᠰᠠᠶᠢᠨ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠳᠤ ᠡᠭᠦᠯᠳᠡᠷ ᠤᠨ ᠢᠷᠡᠯᠲᠡ ᠶᠢᠨ ᠪᠠᠲᠤᠯᠠᠭ᠎ᠠ ᠬᠠᠩᠭᠠᠨ᠎ᠠ᠃ ᠠᠮᠢᠲᠠᠨ ᠤ | ᠬᠢᠵᠢᠭ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠭᠠᠴᠠᠭᠠᠨ ᠤ ᠬᠢᠵᠢᠭ ᠰᠡᠷᠭᠡᠶᠢᠯᠡᠬᠦ ᠬᠠᠷᠢᠭᠤᠴᠠᠯᠭᠠᠲᠠᠨ ᠢ ᠲᠤᠳᠤᠷᠬᠠᠶᠢᠯᠠᠨ᠂ ᠬᠢᠵᠢᠭ | ᠰᠡᠷᠭᠡᠶᠢᠯᠡᠬᠦ ᠠᠵᠢᠯ ᠢ ᠪᠦᠬᠦᠨ ᠢ ᠪᠦᠷᠬᠦᠭᠦᠯᠬᠦ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠪᠠᠶᠢᠳᠠᠯ ᠢ ᠴᠠᠭ | ᠲᠤᠬᠠᠶ ᠳᠤᠨᠢ ᠡᠵᠡᠮᠰᠢᠬᠦ ᠬᠡᠷᠡᠭᠲᠡᠶ᠃ ᠶᠠᠳᠠᠭᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠬᠡᠪᠴᠢᠶᠡᠵᠢᠯ ᠤᠨ ᠴᠢᠨᠠᠷᠲᠠᠢ ᠲᠠᠬᠢᠨ | ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠬᠢᠨᠠᠨ | ᠬᠡᠮᠵᠢᠬᠦ ᠱᠠᠭᠠᠷᠳᠠᠯᠭ᠎ᠠ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠵᠢᠭᠰᠠᠭᠠᠨ ᠪᠠᠶᠢᠴᠠᠭᠠᠬᠤ ᠪᠠ ᠰᠤᠳᠤᠯᠤᠨ | ᠮᠠᠭᠠᠳᠯᠠᠵᠤ᠂ ᠨᠥᠬᠦᠴᠡᠯ ᠳᠤ ᠨᠡᠶᠢᠴᠡᠬᠦ ᠶᠢ ᠨᠢ ᠴᠠᠭ ᠲᠤᠬᠠᠶ ᠳᠤᠨᠢ ᠣᠷᠣᠭᠤᠯᠤᠨ᠂ ᠤᠷᠤᠭᠤᠯᠬᠤ ᠶᠣᠰᠣᠲᠠᠶ ᠶᠢ ᠨᠢ | ᠪᠦᠬᠦᠨ ᠢ ᠤᠷᠤᠭᠤᠯᠵᠤ᠂ ᠬᠠᠪᠰᠤᠷᠬᠤ ᠶᠣᠰᠣᠲᠠᠶ ᠶᠢ ᠨᠢ ᠪᠦᠬᠦᠨ ᠢ ᠬᠠᠪᠰᠤᠷᠬᠤ ᠶᠢ ᠦᠨᠡᠨᠬᠦ ᠪᠠᠲᠤᠯᠠᠵᠤ᠂ | ᠤᠷᠬᠢᠭᠳᠠᠭᠤᠯᠬᠤ ᠠᠴᠠ ᠵᠠᠶᠢᠯᠠᠰᠬᠢᠬᠦ ᠬᠡᠷᠡᠭᠲᠡᠶ᠃ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ | ᠠᠵᠢᠯ ᠢ ᠰᠠᠶᠢᠲᠤᠷ ᠬᠢᠵᠦ᠂ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠡᠯ᠎ᠡ ᠰᠤᠮᠤ | ᠪᠠᠯᠭᠠᠰᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠰᠠᠶᠢᠲᠤᠷ ᠬᠢᠵᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠥᠷᠨᠢᠭᠦᠯᠵᠦ᠂ ᠲᠥᠷᠥᠯ ᠵᠦᠢᠯ ᠢ ᠬᠡᠷᠡᠭᠵᠢᠭᠦᠯᠬᠦ | ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠥᠷᠥᠯ ᠵᠦᠢᠯ ᠢ | ᠵᠢᠭᠰᠠᠭᠠᠨ ᠠᠬᠢᠭᠤᠯᠵᠤ᠂ ᠪᠠᠯᠠ ᠮᠥᠩᠭᠦ ᠲᠦᠯᠦᠪᠦᠷᠢᠯᠡᠬᠦ ᠠᠬᠢᠴᠠ ᠶᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯᠡᠰᠦᠷᠬᠡᠭ ᠭᠠᠵᠠᠷ ᠢ ᠵᠠᠰᠠᠬᠤ ᠠᠵᠢᠯ ᠳᠤ ᠴᠢᠭᠯᠡᠭᠦᠯᠦᠨ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤ ᠨᠠᠷᠢᠨ ᠨᠢᠮᠪᠠᠢ ᠲᠥᠯᠥᠪᠵᠢᠭᠦᠯᠵᠦ᠂ ᠡᠮᠦᠨᠡᠬᠢ | ᠬᠤᠭᠤᠴᠠᠭᠠᠨ ᠤ ᠪᠡᠯᠡᠳᠬᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠲᠤᠬᠠᠶ ᠶᠢᠨ ᠭᠠᠵᠠᠷ ᠤᠨ | ᠠᠷᠠᠳ ᠣᠯᠠᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃ ᠬᠠᠮᠢᠶᠠᠷᠤᠯᠲᠠ ᠬᠠᠮᠠᠭᠠᠯᠠᠯᠲᠠ ᠶᠢᠨ | ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠤᠳᠤᠷᠬᠠᠶᠢᠯᠠᠨ᠂ | ᠲᠤᠰᠬᠠᠢ ᠬᠥᠮᠦᠨ ᠲᠤᠬᠢᠷᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠤᠷᠭᠤᠮᠠᠯ ᠤᠨ | ᠬᠤᠴᠢᠯᠭ᠎ᠠ ᠶᠢᠨ ᠤᠷᠭᠤᠯᠲᠠ ᠶᠢᠨ ᠪᠠᠶᠢᠳᠠᠯ᠂ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠵᠡᠷᠭᠡ ᠳᠤ ᠨᠠᠷᠢᠨ ᠨᠢᠭᠲᠠ | ᠪᠠᠶᠢᠴᠠᠭᠠᠯᠲᠠ ᠬᠢᠵᠦ᠂ ᠴᠠᠭ ᠲᠤᠬᠠᠢ ᠳᠤᠨᠢ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠵᠠᠰᠠᠯᠲᠠ ᠶᠢᠨ | ᠦᠷ᠎ᠡ ᠪᠦᠲᠦᠮᠵᠢ ᠶᠢᠨ ᠤᠷᠳᠤ ᠬᠤᠭᠤᠴᠠᠭ᠎ᠠ ᠪᠠᠷ ᠬᠠᠮᠠᠭᠠᠯᠠᠬᠤ ᠶᠢ ᠪᠠᠲᠤᠯᠠᠬᠤ ᠬᠡᠷᠡᠭᠲᠡᠢ᠃ ᠡᠷᠬᠡᠪᠰᠢ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠪᠦᠬᠦᠯᠢ ᠴᠣᠭᠴᠠ ᠶᠢᠨ ᠠᠵᠢᠯ ᠤᠨ | ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠲᠠᠯ᠎ᠠ ᠶᠢᠨ ᠬᠢᠨ ᠬᠠᠮᠵᠢᠯᠴᠠᠨ | ᠬᠠᠮᠲᠤᠷᠠᠯᠴᠠᠵᠤ᠂ ᠠᠵᠢᠯ ᠤᠨ ᠳᠤᠮᠳᠠᠬᠢ ᠨᠣᠳᠤᠭ ᠤᠨ ᠵᠠᠭᠠᠭ ᠤᠨ ᠵᠢᠭᠤᠷᠠᠭᠠᠨ᠂ ᠡᠷᠬᠡ ᠶᠢᠨ ᠬᠠᠷᠢᠶ᠎ᠠ ᠶᠢᠨ | ᠮᠠᠷᠭᠤᠯᠳᠤᠭᠠᠨ ᠵᠡᠷᠭᠡ ᠠᠰᠠᠭᠤᠳᠠᠯ ᠢ ᠵᠤᠬᠢᠰᠲᠠᠢ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠲᠣᠭᠲᠠᠭᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠡᠯ᠎ᠡ ᠱᠠᠲᠤᠨ ᠤ ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠢᠩᠭ᠎ᠠ ᠨᠢᠮᠪᠠᠢ | ᠬᠠᠷᠢᠭᠤᠴᠠᠯᠭ᠎ᠠ ᠶᠢᠨ ᠲᠣᠣᠷ ᠰᠦᠯᠵᠢᠶ᠎ᠡ ᠶᠢ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠠᠮᠤᠷᠠᠭᠤᠯᠬᠤ ᠶᠢ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠵᠤ ᠬᠢᠨᠠᠨ | ᠰᠢᠯᠭᠠᠬᠤ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ | ᠠᠬᠤᠢ ᠣᠷᠴᠢᠨ ᠲᠣᠭᠤᠷᠢᠨ ᠢ ᠪᠦᠬᠦ ᠲᠠᠯ᠎ᠠ ᠪᠠᠷ ᠬᠠᠮᠠᠭᠠᠯᠠᠨ ᠵᠠᠰᠠᠬᠤ ᠬᠡᠷᠡᠭᠲᠡᠢ᠃ ᠡᠭᠦᠨ ᠠᠴᠠ ᠭᠠᠳᠠᠨ᠎ᠠ ᠤᠰᠤᠨ | ᠴᠥᠭᠦᠷᠥᠮ ᠤᠨ ᠬᠤᠷᠠᠭᠰᠠᠨ ᠰᠢᠪᠠᠷ ᠰᠢᠷᠣᠶ ᠶᠢ ᠠᠷᠢᠯᠭᠠᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠬᠤ | ᠬᠡᠷᠡᠭᠲᠡᠶ᠃ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠲᠡᠷᠢᠭᠦᠨ ᠤ ᠮᠡᠷᠭᠡᠵᠢᠯ ᠬᠢᠭᠡᠳ ᠲᠥᠬᠦᠭᠡᠷᠦᠮᠵᠢ ᠶᠢ | ᠣᠷᠣᠭᠤᠯᠤᠨ ᠠᠪᠴᠢᠷᠠᠵᠤ᠂ ᠠᠵᠢᠯ ᠢᠶᠠᠨ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠶ᠃ | ᠯᠠᠶᠢᠳᠠᠨ ᠠᠷᠢᠯᠭᠠᠬᠤ ᠶᠠᠪᠤᠴᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠵᠤ᠂ ᠰᠢᠪᠠᠷ | ᠰᠢᠷᠣᠶ ᠶᠢ ᠵᠦᠶ ᠵᠣᠬᠢᠰᠲᠠᠶ ᠰᠢᠢᠳᠪᠦᠷᠢᠯᠡᠨ᠂ ᠤᠰᠤᠨ ᠴᠥᠭᠦᠷᠥᠮ ᠤᠨ ᠤᠰᠤ ᠬᠠᠳᠠᠭᠠᠯᠠᠬᠤ᠂ ᠦᠶᠡᠷ ᠢ ᠰᠡᠷᠭᠡᠶᠢᠯᠡᠬᠦ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ | ᠠᠰᠢᠭᠯᠠᠬᠤ ᠪᠠ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ | ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠪᠠ | ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠢ ᠴᠡᠭᠴᠡᠯᠡᠨ ᠪᠠᠶᠢᠴᠠᠭᠠᠬᠤ ᠠᠵᠢᠯ ᠤᠨ ᠵᠣᠷᠢᠭ ᠰᠠᠨᠠᠭ᠎ᠠ ᠶᠢ | ᠣᠯᠠᠮᠵᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠬᠢᠨᠠᠨ ᠬᠠᠮᠢᠶᠠᠷᠬᠤ᠂ ︽ | ᠭᠤᠷᠪᠠᠨ ᠬᠦᠷᠦᠩᠭᠡ︾ ᠶᠢ ᠴᠡᠭᠴᠡᠯᠡᠨ ᠪᠠᠶᠢᠴᠠᠭᠠᠬᠤ ᠠᠵᠢᠯ ᠵᠢᠴᠢ ᠪᠤᠰᠤᠳ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠯᠠ ᠮᠥᠩᠭᠦ ᠶᠢ ᠬᠢᠨᠠᠨ ᠬᠠᠮᠢᠶᠠᠷᠬᠤ ᠪᠠ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠢ | ᠢᠯᠭᠠᠷᠠᠭᠤᠯᠤᠨ ᠪᠠᠶᠢᠴᠠᠭᠠᠬᠤ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤ ᠲᠠᠷᠢᠶᠠᠯᠠᠩ | ᠰᠢᠨᠵᠢᠯᠡᠬᠦ ᠮᠡᠷᠭᠡᠵᠢᠯ ᠤᠨ ᠲᠣᠪᠴᠢᠶ᠎ᠠ᠂ ᠣᠶ ᠰᠢᠭᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | |