ᠠᠪᠠᠭ᠎ᠠ ᠬᠤᠰᠢᠭᠤ 2025 ᠣᠨ ᠤ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/11
     3 ᠰᠠᠷ᠎ᠠ ᠶᠢᠨ 31 ᠤ ᠡᠳᠦᠷ᠂ ᠠᠪᠠᠭ᠎ᠠ ᠬᠤᠰᠢᠭᠤ 2025 ᠣᠨ ᠤ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠢ ᠳ᠋ᠦᠩᠨᠡᠨ᠂ ᠣᠳᠣᠬᠠᠨ ᠤ ᠪᠠᠶᠢᠳᠠᠯ ᠢ ᠵᠠᠳᠠᠯᠵᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠤᠤ ᠽᠢ ᠨᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠨᠠᠷ ᠲᠣᠰ ᠲᠣᠰ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠢᠭᠡᠳᠦᠮᠡᠯ ᠹᠷᠣᠨᠲ᠂ ᠦᠨᠳᠦᠰᠦᠲᠡᠨ᠂ ᠱᠠᠰᠢᠨ ᠰᠤᠷᠲᠠᠬᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠡᠷᠭᠢᠯᠡᠬᠦ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠦᠨ ᠳᠠᠭᠠᠭᠤᠯᠬᠤ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃      ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠶᠢ ᠪᠡᠶᠡᠯᠡᠭᠦᠯᠬᠦ ᠡᠴᠦᠰ ᠤᠨ ᠵᠢᠯ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠶᠢᠷᠡᠭᠦᠯᠦᠨ ᠠᠬᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠢᠴᠢ  ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠢᠮᠠᠭᠲᠠ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠬᠦᠴᠦᠯᠡᠨ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠠᠬᠢᠭᠤᠯᠵᠤ᠂ ᠪᠦᠬᠦᠯᠢ ᠴᠣᠭᠴᠠ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠤᠬᠠᠭᠤᠯᠭ᠎ᠠ ᠶᠢᠨ ᠳᠠᠪᠠᠭᠤᠯᠢᠭ᠂ ᠨᠢᠭᠡᠳᠦᠮᠡᠯ ᠹᠷᠣᠨᠲ ᠤᠨ ᠳᠠᠪᠠᠭᠤᠯᠢᠭ ᠢ ᠪᠦᠬᠦ ᠬᠤᠰᠢᠭᠤᠨ ᠤ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号