34 ᠳ᠋ᠣᠭᠡᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ | ᠠᠪᠠᠭ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ | ᠲᠢᠩᠬᠢᠮ ᠨᠢ ᠨᠢᠭᠡ ᠪᠦᠯᠦᠭ ᠣᠨᠴᠠᠭᠠᠶ ︽ᠪᠢᠴᠢᠬᠠᠨ ᠵᠣᠴᠢᠳ︾ ᠢ ᠤᠭᠲᠤᠨ ᠠᠪᠴᠢᠷᠠᠵᠠᠶ᠃ ︽ᠭᠠᠶᠢᠯᠢ ᠶᠢᠨ | ᠶᠠᠪᠤᠳᠠᠯ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠳᠤᠮᠳᠠ᠂ ᠬᠡᠦᠬᠡᠳ ᠤᠳ ᠨᠢᠭᠡ ᠤᠳᠠᠭᠠᠨ ᠤ ᠥᠪᠡᠷᠮᠢᠴᠡ | ᠣᠨᠴᠠᠯᠢᠭ ᠲᠠᠢ ᠭᠠᠶᠢᠯᠢ ᠲᠠᠲᠠᠪᠤᠷᠢ ᠶᠢᠨ ᠰᠡᠬᠡᠭᠡᠷᠡᠭᠦᠯᠬᠦ ᠠᠶᠠᠨ ᠢᠶᠠᠨ ᠡᠬᠢᠯᠡᠭᠦᠯᠪᠡ᠃ | ᠠᠵᠢᠯᠯᠠᠭ᠎ᠠ ᠡᠬᠢᠯᠡᠮᠡᠭᠴᠡ ᠭᠠᠶᠢᠯᠢ ᠶᠢᠨ ᠶᠠᠪᠤᠳᠠᠯ ᠤᠨ ᠺᠠᠳ᠋ᠷ ᠰᠤᠷᠤᠭᠴᠢ ᠨᠢᠭᠡᠪᠦᠷᠢ ᠳᠤ ᠣᠨᠴᠠᠭᠠᠶᠢᠯᠠᠨ | ᠵᠣᠬᠢᠶᠠᠭᠰᠠᠨ ︽ᠵᠢᠵᠢᠭ ᠭᠠᠶᠢᠯᠢ ᠲᠠᠲᠠᠪᠤᠷᠢ ᠶᠢᠨ ᠤᠬᠠᠭᠤᠯᠤᠭᠴᠢ︾ ᠶᠢᠨ ᠪᠦᠴᠡ ᠵᠡᠭᠦᠯᠭᠡᠵᠦ᠂ ᠲᠠᠪᠤᠳᠤᠭᠠᠷ | ᠣᠨ ᠤ ᠠᠨᠴᠢᠯ᠄ ︽ᠪᠢ ᠥᠨᠥᠳᠦᠷ ᠤᠨ ᠰᠤᠷᠴᠤ ᠡᠵᠡᠮᠰᠢᠭᠰᠡᠨ ᠮᠡᠳᠡᠯᠭᠡ ᠪᠠᠨ ᠪᠦᠬᠦᠨ ᠢ ᠲᠡᠮᠳᠡᠭᠯᠡᠵᠦ᠂ ᠬᠠᠷᠢᠭᠠᠳ | ᠬᠠᠮᠲᠤ ᠨᠦᠬᠦᠳ ᠲᠤ ᠪᠠᠨ ᠶᠠᠷᠢᠵᠤ ᠥᠭᠭᠦᠨ᠎ᠡ︾ ᠭᠡᠪᠡ᠃ | ᠦᠢᠯᠡᠳᠦᠯᠭᠡ ᠶᠢᠨ ᠶᠠᠪᠤᠴᠠ ᠳᠤ᠂ ᠬᠡᠦᠬᠡᠳ ᠤᠳ ︽ᠵᠢᠵᠢᠭ ᠭᠠᠶᠢᠯᠢ ᠶᠢᠨ ᠳᠠᠷᠤᠭ᠎ᠠ︾ ᠪᠣᠯᠵᠤ᠂ | ᠭᠠᠶᠢᠯᠢ ᠶᠢᠨ ᠶᠠᠪᠤᠳᠠᠯ ᠤᠨ ᠺᠠᠳ᠋ᠷᠴᠤᠳ ᠤᠨ ᠵᠢᠯᠣᠭᠤᠳᠤᠯᠭ᠎ᠠ ᠳᠣᠣᠷ᠎ᠠ ᠴᠣᠩᠬᠤ ᠪᠠᠷ ᠭᠦᠢᠴᠡᠳᠬᠡᠬᠦ᠂ ᠥᠪᠡᠰᠦᠪᠡᠨ | ᠦᠢᠯᠡᠴᠢᠯᠡᠬᠦ ᠵᠡᠷᠭᠡ ᠪᠥᠬᠦ ᠶᠠᠪᠤᠴᠠ ᠶᠢᠨ ᠭᠠᠶᠢᠯᠢ ᠭᠦᠢᠴᠡᠳᠬᠡᠬᠦ ᠦᠢᠯᠡᠴᠢᠯᠡᠭᠡ ᠶᠢ ᠪᠡᠶᠡᠴᠢᠯᠡᠨ ᠣᠶᠢᠯᠠᠭᠠᠪᠠ᠃ ︽ | ᠦᠯᠦ ᠬᠦᠷᠦᠯᠴᠡᠬᠦ ᠬᠡᠯᠪᠡᠷᠢ︾ ᠶᠢᠨ ᠭᠠᠶᠢᠯᠢ ᠭᠦᠢᠴᠡᠳᠬᠡᠬᠦ ᠳᠥᠭᠦᠮ ᠳᠥᠲᠡ ᠠᠵᠢᠯᠯᠠᠭ᠎ᠠ ᠨᠢ ᠪᠢᠴᠢᠬᠠᠨ ᠨᠠᠶᠢᠵᠠ | ᠨᠠᠷ ᠢ ᠤᠶᠤᠨᠲᠤ ᠭᠠᠶᠢᠯᠢ ᠶᠢᠨ ᠶᠠᠪᠤᠳᠠᠯ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠪᠡᠶ᠎ᠡ ᠪᠠᠷ ᠨᠢ | ᠮᠡᠳᠡᠷᠡᠭᠦᠯᠪᠡ᠃ | ︽ᠡᠵᠢ ᠶᠢᠨ ᠴᠢᠨᠢ ᠬᠤᠳᠠᠯᠳᠤᠨ ᠠᠪᠤᠭᠰᠠᠨ ᠭᠤᠶᠣᠯᠠᠯ ᠤᠨ ᠡᠳ᠋ ᠠᠴᠠ ᠶᠠᠮᠠᠷ ᠭᠠᠢᠯᠢ | ᠲᠤᠰᠢᠶᠠᠬᠤ ᠪᠤᠢ︖︾ ᠭᠡᠵᠦ ᠭᠠᠶᠢᠯᠢ ᠶᠢᠨ ᠬᠠᠤᠯᠢ ᠶᠢᠨ ᠪᠠᠭ᠎ᠠ ᠬᠢᠴᠢᠶᠡᠯ ᠤᠨ ᠲᠠᠩᠬᠢᠮ ᠳᠡᠭᠡᠷ᠎ᠡ ᠭᠠᠶᠢᠯᠢ ᠶᠢᠨ | ᠶᠠᠪᠤᠳᠠᠯ ᠤᠨ ᠠᠵᠢᠯᠲᠠᠨ ᠠᠴᠠ ᠠᠮᠢᠳᠤᠷᠠᠯ ᠲᠤᠮᠳᠠᠬᠢ ᠵᠢᠱᠢᠶ᠎ᠡ ᠪᠠᠷ ᠭᠠᠶᠢᠯᠢ ᠲᠠᠲᠠᠪᠤᠷᠢ ᠶᠢᠨ ᠮᠡᠳᠡᠯᠭᠡ ᠶᠢ | ᠲᠠᠶᠢᠯᠪᠦᠷᠢᠯᠠᠪᠠ᠃ ᠬᠠᠷᠢᠯᠴᠠᠨ ᠰᠤᠷᠤᠯᠴᠠᠬᠤ ᠶᠠᠪᠤᠴᠠ ᠳᠤ᠂ ︽ᠭᠠᠶᠢᠯᠢ ᠲᠠᠲᠠᠪᠤᠷᠢ ᠬᠠᠮᠢᠭ᠎ᠠ ᠠᠴᠠ ᠢᠷᠡᠬᠦ ᠪᠣᠢ︖ | ︾ ︽ᠭᠠᠶᠢᠯᠢ ᠲᠠᠲᠠᠪᠤᠷᠢ ᠶᠢ ᠶᠠᠭᠤᠨ ᠳᠤ ᠬᠡᠷᠡᠭᠯᠡᠵᠦ ᠪᠣᠯᠬᠤ ᠪᠤᠢ︖︾ ᠭᠡᠬᠦ ᠰᠣᠨᠢᠷᠬᠠᠯᠲᠠᠢ ᠠᠰᠠᠭᠤᠳᠠᠯ ᠶᠢᠨ | ᠲᠤᠭᠤᠷᠢᠨ ᠳᠤ ᠬᠦᠭᠵᠢᠶᠡᠨᠲᠡᠢ ᠶᠠᠷᠢᠯᠴᠠᠪᠠ᠃ ᠭᠠᠶᠢᠯᠢ ᠲᠠᠲᠠᠪᠤᠷᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠺᠠᠷᠲ᠋ᠣᠨ ᠵᠢᠷᠤᠭ ︽ᠵᠠᠬ᠎ᠠ ᠳᠡᠯᠭᠡᠭᠦᠷ ᠤᠨ ᠭᠠᠶᠢᠯᠢ ᠶᠢᠨ ᠶᠠᠪᠤᠳᠠᠯ︾ ᠪᠠᠷ ᠳᠠᠮᠵᠢᠭᠤᠯᠤᠨ᠂ ᠬᠡᠦᠬᠡᠳ ᠤᠳ ᠲᠤ ᠪᠠᠶᠠᠷ | ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ︽ᠭᠠᠶᠢᠯᠢ ᠲᠠᠲᠠᠪᠤᠷᠢ ᠶᠢ ᠠᠷᠠᠳ ᠠᠴᠠ ᠲᠠᠲᠠᠪᠦᠶᠢᠷᠯᠵᠦ᠂ | ᠠᠷᠠᠳ ᠲᠤ ᠬᠡᠷᠡᠭᠯᠡᠬᠦ︾ ᠭᠦᠨ ᠠᠭᠤᠯᠤᠭᠳᠠᠬᠤᠨ ᠢ ᠣᠶᠢᠯᠠᠭᠠᠭᠤᠯᠪᠠ᠃ | ᠠᠵᠢᠯᠯᠠᠭ᠎ᠠ ᠨᠢ ᠪᠠᠰᠠ ︽ᠵᠢᠵᠢᠭ ᠭᠠᠶᠢᠯᠢ ᠶᠢᠨ ᠳᠠᠷᠤᠭ᠎ᠠ ᠶᠢᠨ ᠤᠶᠢᠯᠠᠭᠠᠯᠳᠠ︾ ᠶᠢᠨ ᠬᠦᠰᠡᠯ ᠤᠨ ᠬᠡᠷᠡᠮ ᠢ | ᠣᠨᠴᠠᠭᠠᠶᠢᠯᠠᠨ ᠲᠣᠬᠢᠷᠠᠭᠤᠯᠵᠤ᠂ ᠬᠡᠦᠬᠡᠳ ᠤᠳ ᠥᠩᠭᠡᠲᠦ ᠺᠠᠷᠲ ᠢᠶᠠᠷ ᠦᠨᠡᠨ ᠰᠡᠳᠬᠢᠯ ᠤᠨ ᠦᠭᠡ᠄ ︽ | ᠥᠴᠦᠬᠡᠨ ᠭᠠᠶᠢᠯᠢ ᠲᠠᠲᠠᠪᠤᠷᠢ ᠶᠢᠨ ᠦᠢᠯᠡᠳᠦᠯ ᠶᠡᠭᠡ︾᠂ ︽ᠭᠠᠶᠢᠯᠢ ᠲᠠᠲᠠᠪᠤᠷᠢ ᠮᠠᠰᠢ ᠴᠢᠬᠤᠯᠠ᠂ ᠮᠠᠨ ᠤ | ᠠᠮᠢᠳᠤᠷᠠᠯ ᠢ ᠲᠡᠭᠦᠯᠳᠡᠷᠵᠢᠭᠦᠯᠵᠦ ᠪᠠᠶᠢᠨ᠎ᠠ︾ ᠭᠡᠬᠦ ᠵᠡᠷᠭᠡ ᠦᠭᠡᠰ ᠬᠠᠷᠠᠭᠳᠠᠨ᠎ᠠ᠃ ᠠᠵᠢᠯᠯᠠᠭ᠎ᠠ ᠶᠢᠨ ᠡᠴᠦᠰ ᠲᠤ᠂ | ︽ᠵᠢᠵᠢᠭ ᠭᠠᠶᠢᠯᠢ ᠶᠢᠨ ᠲᠤᠰᠢᠶᠠᠯᠲᠠᠨ︾ ᠠᠵᠢᠯ ᠤᠨ ᠪᠠᠶᠢᠷᠢ ᠳᠤ ᠪᠠᠨ ᠭᠠᠷᠴᠤ᠂ ᠭᠠᠶᠢᠯᠢ ᠶᠢᠨ ᠦᠢᠯᠡᠴᠢᠯᠡᠭᠡ ᠶᠢ | ᠪᠡᠶᠡᠴᠢᠯᠡᠨ ᠣᠶᠢᠯᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ | ᠤᠬᠠᠭᠤᠯᠤᠭᠴᠢ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ | ᠲᠣᠰ ᠤᠳᠠᠭᠠᠨ ᠤ ᠠᠵᠢᠯᠯᠠᠭ᠎ᠠ ᠪᠣᠯ ᠵᠠᠯᠠᠭᠤᠴᠤᠳ ᠪᠠᠭᠠᠴᠤᠳ ᠤᠨ ᠭᠠᠶᠢᠯᠢ ᠲᠠᠲᠠᠪᠤᠷᠢ ᠶᠢᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠶᠢᠨ ᠶᠠᠪᠤᠳᠠᠯ ᠤᠨ | ᠨᠡᠭᠡᠭᠡᠯᠲᠡ ᠶᠢᠨ ᠡᠳᠦᠷ︾ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠳᠠᠯᠢ ᠪᠤᠰᠤ ᠬᠦᠮᠦᠰ ᠲᠤ ᠴᠢᠭᠯᠡᠭᠦᠯᠦᠨ ᠵᠦᠷᠢᠶᠡᠴᠢᠯᠡᠭᠰᠡᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ | ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ |