ᠮᠥᠩᠭᠦᠨ ᠭᠦᠢᠯᠭᠡᠭᠡᠨ ᠤ ᠨᠠᠷᠢᠯᠢᠭ ᠣᠨᠣᠴᠠᠲᠠᠢ ᠪᠠᠷ ᠨᠠᠶᠢᠳᠠᠪᠦᠷᠢᠭᠤᠯᠵᠤ᠂ ᠠᠪᠠᠭ᠎ᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠪᠣᠳᠠᠲᠤ ᠴᠣᠭᠴᠠ ᠶᠢᠨ ᠠᠵᠤ ᠠᠬᠤᠢ ᠶᠢᠨ ᠯᠠᠪᠳᠠᠭᠤᠨ ᠲᠣᠭᠲᠠᠭᠤᠨ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/11
     ᠤᠢᠢᠷ᠎ᠠ ᠶᠢᠨ ᠵᠢᠯ ᠠᠴᠠ᠂ ᠠᠪᠠᠭ᠎ᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠤᠪᠴᠢᠶ᠎ᠠ ᠤᠨᠢᠨ ᠳᠡᠭᠡᠷ᠎ᠡ ᠨᠢ ᠬᠦᠴᠦᠯᠡᠵᠦ᠂ ᠲᠤᠬᠠᠢ ᠶᠢᠨ ᠭᠠᠵᠠᠷ ᠤᠨ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠠᠮᠵᠢᠯᠲᠠ ᠲᠠᠢ ᠬᠦᠴᠦᠨ ᠨᠡᠮᠡᠷᠢᠯᠡᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢ ᠠᠬᠢᠭᠤᠯᠪᠠ᠃      ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠵᠠᠩᠭᠢᠯᠠᠭ᠎ᠠ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠠᠪᠠᠭ᠎ᠠ ᠬᠤᠰᠢᠭᠤᠨ ᠤ ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ ᠨᠢ ᠪᠦᠯᠦᠭᠯᠡᠯ ᠤᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠥᠬᠦ ᠵᠢᠯ ᠤᠨ ᠢᠳᠡᠭᠡᠨ ᠤ ᠮᠠᠲ᠋ᠧᠷᠢᠶᠠᠯ ᠳᠤ ᠬᠠᠩᠭᠠᠬᠤ ᠬᠦᠨᠳᠦ ᠡᠭᠦᠷᠭᠡ ᠶᠢ ᠡᠭᠦᠷᠭᠡᠯᠡᠵᠦ ᠪᠣᠶ᠃ ᠲᠤᠬᠠᠶ ᠶᠢᠨ ᠭᠠᠵᠠᠷ ᠤᠨ ᠮᠠᠯᠴᠢᠳ ᠲᠠᠢ ᠨᠢᠭᠲᠠ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠤᠷᠲᠤ ᠬᠤᠭᠤᠴᠠᠭᠠᠨ ᠤ ᠭᠡᠷ᠎ᠡ ᠲᠣᠭᠲᠠᠭᠠᠬᠤ ᠪᠠᠷ ᠳᠠᠮᠵᠢᠭᠤᠯᠤᠨ᠂ ᠵᠢᠯ ᠪᠦᠷᠢ 20 ᠭᠠᠷᠤᠶ ᠲᠦᠮᠡᠨ ᠲᠣᠨ ᠳᠤ ᠬᠦᠷᠴᠦ᠂ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ ᠬᠥᠭᠵᠢᠯᠲᠡ ᠪᠣᠯᠤᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠬᠦᠴᠦᠲᠡᠶ ᠳᠠᠶᠢᠴᠢᠯᠠᠭᠰᠠᠨ ᠪᠠᠶᠢᠨ᠎ᠠ᠃ ᠨᠢᠭᠡ ᠵᠢᠯ ᠤᠨ ᠡᠳ᠋ ᠪᠣᠳᠠᠰ ᠨᠥᠭᠡᠴᠡᠯᠡᠬᠦ ᠴᠢᠬᠤᠯᠠ ᠲᠠᠢ ᠠᠴᠠ ᠪᠣᠯᠵᠤ᠂ ᠣᠶᠢᠷ᠎ᠠ ᠳᠤ ᠠᠵᠤ ᠠᠬᠤᠶᠢᠯᠠᠯ ᠯᠤᠲᠤ ᠶᠡᠭᠡ ᠡᠳ᠋ ᠤᠨ ᠶᠠᠪᠤᠳᠠᠯ ᠤᠨ ᠳᠠᠷᠤᠯᠲᠠ ᠳᠤ ᠲᠤᠯᠭᠠᠷᠠᠪᠠ᠃      ᠠᠪᠠᠭ᠎ᠠ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠠᠴᠠ ᠠᠵᠤ ᠠᠬᠤᠶᠢᠯᠠᠯ ᠤᠨ ᠬᠦᠴᠢᠷᠳᠡᠯ ᠲᠤᠯᠭᠠᠷᠠᠵᠤ ᠪᠠᠶᠢᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠠᠪᠠᠭ᠎ᠠ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢ ᠵᠢᠯᠣᠭᠤᠳᠤᠨ ᠦᠳᠲᠡᠷ ᠲᠦᠷᠭᠡᠨ ᠬᠥᠳᠡᠯᠦᠯᠴᠡᠵᠦ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠢᠳᠡᠪᠬᠢᠲᠡᠶ ᠪᠠᠶᠢᠭᠤᠯᠵᠤ᠂ ᠣᠯᠠᠨ ᠡᠭᠡᠯᠵᠢ ᠶᠢᠨ ᠨᠡᠪᠲᠡᠷᠡᠯᠴᠡᠨ ᠵᠣᠬᠢᠴᠠᠭᠤᠯᠬᠤ ᠪᠠᠷ ᠳᠡᠮᠵᠢᠨ᠂ ᠡᠴᠦᠰ ᠲᠡᠭᠡᠨ 5 ᠬᠠᠤᠯᠢ ᠶᠢᠨ ᠡᠷᠬᠡᠲᠡᠨ ᠤ ᠪᠠᠩᠬᠢ ᠬᠠᠮᠲᠤᠷᠠᠨ 4400 ᠲᠦᠮᠡᠨ ᠲᠥᠭᠦᠷᠢᠭ ᠤᠨ ᠨᠡᠶᠢᠭᠡᠮ ᠤᠨ ᠪᠦᠯᠬᠦᠮ ᠤᠨ ᠵᠢᠭᠡᠯᠡᠯᠭᠡ ᠬᠠᠩᠭᠠᠬᠤ ᠶᠢ ᠠᠬᠢᠭᠤᠯᠵᠤ᠂ ᠠᠪᠠᠭ᠎ᠠ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠠᠷᠠᠭ᠎ᠠ ᠪᠠᠨ ᠳᠠᠨᠵᠢᠯᠠᠬᠤ ᠬᠡᠯᠪᠡᠷᠢ ᠪᠠᠷ 900 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃      ᠠᠪᠠᠭ᠎ᠠ ᠬᠤᠰᠢᠭᠤᠨ ᠤ ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠦᠦ ᠹᠦ᠋ ᠴᠧᠩ᠄ ᠡᠨᠡ ᠪᠡᠯᠡ ᠮᠥᠩᠭᠦ ᠨᠢ ᠮᠠᠨ ᠤ ᠪᠡᠯᠡ ᠮᠥᠩᠭᠦ ᠶᠢᠨ ᠡᠷᠭᠢᠯᠲᠡ ᠶᠢᠨ ᠬᠦᠴᠢᠷ ᠠᠰᠠᠭᠤᠳᠠᠯ ᠢ ᠪᠦᠲᠦᠮᠵᠢᠲᠡᠢ ᠨᠠᠮᠳᠠᠭᠤᠯᠵᠤ᠂ ᠪᠢᠳᠡ ᠴᠠᠭ ᠲᠤᠬᠠᠢ ᠳᠤᠨᠢ ᠪᠠᠷᠠᠭ᠎ᠠ ᠪᠡᠯᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠪᠠ᠃      ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠩ ᠰᠠᠶᠢᠨ ᠥᠷᠨᠢᠭᠦᠯᠬᠦ ᠶᠢᠨ ᠲᠥᠯᠥᠭᠡ᠂ ᠠᠪᠠᠭ᠎ᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠪᠠᠰᠠ ᠵᠢᠵᠢᠭ ᠪᠢᠴᠢᠯ ᠠᠵᠤ ᠠᠬᠤᠶᠢᠯᠠᠯ ᠤᠨ ︽ᠮᠢᠩᠭᠠᠨ ᠠᠵᠤ ᠠᠬᠤᠶᠢᠯᠠᠯ ᠲᠦᠮᠡᠨ ᠡᠷᠦᠬᠡ︾ ᠶᠢᠨ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠠᠴᠠ ᠠᠪᠠᠭ᠎ᠠ ᠬᠤᠰᠢᠭᠤᠨ ᠤ ᠣᠯᠠᠨᠪᠤᠯᠠᠭ ᠭᠠᠴᠠᠭᠠᠨ ᠤ ᠬᠦᠭᠵᠢᠯ ᠤᠨ ᠦᠬᠡᠷ ᠬᠤᠨᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠤᠨ ᠪᠡᠯᠡ ᠮᠥᠩᠭᠦ ᠬᠦᠨᠳᠦ ᠨᠣᠴᠢᠲᠠᠢ ᠳᠤᠲᠠᠭᠳᠠᠵᠤ ᠪᠠᠶᠢᠭ᠎ᠠ ᠠᠰᠠᠭᠤᠳᠠᠯ ᠢ ᠣᠶᠢᠯᠠᠭᠠᠪᠠ᠃ ᠵᠠᠬ᠎ᠠ ᠳᠡᠯᠭᠡᠭᠦᠷ ᠤᠨ ᠳᠠᠭᠠᠷᠢᠯᠲᠠ ᠨᠢ ᠦᠬᠡᠷ ᠬᠤᠨᠢᠨ ᠤ ᠦᠨ᠎ᠡ ᠬᠠᠩᠰᠢ ᠪᠠᠭᠤᠷᠠᠭᠰᠠᠨ ᠭᠤᠣᠯ ᠰᠢᠯᠳᠠᠭᠠᠨ ᠪᠣᠯᠣᠭᠰᠠᠨ ᠮᠥᠷᠲᠡᠭᠡᠨ ᠴᠢᠨᠠᠷ ᠰᠠᠶᠢᠲᠠᠶ ᠦᠷ᠎ᠡ ᠶᠢᠨ ᠮᠠᠯ᠂ ᠡᠪᠡᠰᠦ ᠪᠣᠷᠳᠤᠭ᠎ᠠ ᠬᠤᠳᠠᠯᠳᠤᠨ ᠠᠪᠴᠤ ᠲᠡᠵᠢᠭᠡᠨ ᠦᠷᠡᠵᠢᠭᠦᠯᠬᠦ ᠲᠥᠬᠦᠭᠡᠷᠦᠮᠵᠢ ᠪᠠᠨ ᠰᠠᠶᠢᠵᠢᠷᠠᠭᠤᠯᠬᠤ ᠳᠤ ᠴᠥᠮ ᠪᠡᠯᠡ ᠮᠥᠩᠭᠦ ᠬᠡᠷᠡᠭᠰᠡᠨ᠎ᠡ᠃ ᠠᠪᠠᠭ᠎ᠠ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠨᠢ ᠮᠥᠩᠭᠦᠨ ᠭᠦᠢᠯᠭᠡᠭᠡᠨ ᠤ ᠪᠠᠢᠭᠤᠯᠤᠮᠵᠢ ᠲᠠᠢ ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂ ᠪᠠᠩᠬᠢ ᠶᠢ ᠵᠢᠯᠣᠭᠤᠳᠤᠨ ᠬᠤᠷᠰᠢᠶᠠᠵᠢᠯ ᠳᠤ ᠲᠣᠬᠢᠷᠠᠬᠤ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠪᠠ᠃      ᠬᠦᠭᠵᠢᠯ ᠦᠬᠡᠷ ᠬᠤᠨᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠤᠨ ᠮᠠ ᠶᠤᠸᠠᠢ ᠴᠧᠩ᠄ ᠠᠪᠠᠭ᠎ᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶᠠᠨ ᠤ ᠵᠣᠬᠢᠴᠠᠭᠤᠯᠭ᠎ᠠ ᠳᠣᠣᠷ᠎ᠠ᠂ ᠪᠠᠩᠬᠢ ᠶᠢᠨ ᠠᠵᠢᠯᠲᠠᠳ ᠤᠯᠠᠨ ᠤᠳᠠᠭ᠎ᠠ ᠮᠠᠨ ᠤ ᠬᠤᠷᠰᠢᠶᠠᠵᠢᠯ ᠳᠤ ᠢᠷᠡᠵᠦ᠂ ᠲᠡᠵᠢᠭᠡᠨ ᠦᠷᠡᠵᠢᠭᠦᠯᠬᠦ ᠬᠡᠪᠴᠢᠶ᠎ᠡ᠂ ᠡᠵᠡᠩᠨᠡᠯᠲᠡ ᠶᠢᠨ ᠪᠠᠶᠢᠳᠠᠯ ᠪᠣᠯᠤᠨ ᠪᠡᠯᠡ ᠮᠥᠩᠭᠦᠨ ᠤ ᠬᠡᠷᠡᠭᠴᠡᠭᠡ ᠶᠢ ᠣᠶᠢᠯᠠᠭᠠᠪᠠ᠃ ᠪᠢᠳᠡᠨ ᠳᠤ ᠪᠠᠶᠢᠴᠠᠭᠠᠨ ᠰᠤᠳᠤᠯᠤᠯᠲᠠ ᠪᠠ ᠦᠨᠡᠯᠡᠯᠲᠡ ᠬᠢᠵᠦ᠂ ᠵᠢᠭᠡᠯᠡᠯᠭᠡ ᠶᠢᠨ ᠲᠥᠰᠦᠯ ᠢ ᠲᠣᠭᠲᠠᠭᠠᠪᠠ᠃ ᠬᠠᠮᠤᠭ ᠰᠡᠭᠦᠯ ᠳᠤ ᠪᠢᠳᠡ 440 ᠲᠦᠮᠡᠨ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠣᠯᠵᠤ᠂ ᠬᠦᠦ ᠶᠢᠨ ᠮᠦᠩᠭᠦ ᠨᠣᠷᠮ᠎ᠠ ᠨᠢ  5.496% ᠪᠣᠯᠤᠨ᠎ᠠ᠃ ᠳᠣᠣᠷ᠎ᠠ ᠬᠦᠦ ᠲᠠᠢ ᠵᠢᠭᠡᠯᠡᠯᠭᠡ ᠮᠠᠨ ᠤ ᠬᠤᠷᠰᠢᠶᠠᠨ ᠤ ᠳᠠᠷᠤᠯᠲᠠ ᠶᠢ ᠬᠥᠩᠭᠡᠷᠡᠭᠦᠯᠪᠡ᠃ ᠣᠳᠣ ᠦᠬᠡᠷ ᠬᠤᠨᠢᠨ ᠤ ᠲᠤᠭ᠎ᠠ ᠨᠡᠮᠡᠭᠳᠡᠵᠦ᠂ ᠶᠠᠰᠤ ᠴᠢᠨᠠᠷ ᠴᠤ ᠳᠡᠭᠡᠭᠰᠢᠯᠡᠵᠦ᠂ ᠮᠠᠯᠴᠢᠳ ᠤᠨ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ᠃      ᠣᠶᠢᠯᠠᠭᠠᠭᠰᠠᠨ ᠢᠶᠠᠷ᠂ 3 ᠰᠠᠷ᠎ᠠ ᠶᠢᠨ 14 ᠤ ᠡᠳᠦᠷ ᠪᠣᠯᠲᠠᠯ᠎ᠠ᠂ ᠠᠪᠠᠭ᠎ᠠ ᠬᠤᠰᠢᠭᠤᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠪᠴᠢᠶ᠎ᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠦᠷᠭᠡᠭᠰᠡᠨ 2116 ᠠᠵᠤ ᠠᠬᠤᠶᠢᠯᠠᠯ ᠤᠨ ᠨᠠᠷᠢᠨ ᠲᠠᠩᠰᠠ ᠶᠢ ᠭᠥᠯᠢᠶᠡᠨ ᠠᠪᠴᠤ᠂ ᠵᠢᠵᠢᠭ ᠪᠢᠴᠢᠯ ᠠᠵᠤ ᠠᠬᠤᠶᠢᠯᠠᠯ ᠤᠨ 98.28% ᠶᠢ ᠡᠵᠡᠯᠡᠪᠡ᠃ ᠰᠢᠯᠢᠨ ᠰᠣᠩᠭᠤᠬᠤ ᠪᠠᠷ ᠳᠡᠮᠵᠢᠨ ᠨᠠᠷᠢᠨ ᠲᠠᠩᠰᠠ ᠶᠢᠨ ᠠᠵᠤ ᠠᠬᠤᠶᠢᠯᠠᠯ 1875 ᠡᠷᠦᠬᠡ ᠦᠯᠡᠳᠡᠵᠦ᠂ ᠠᠵᠤ ᠠᠬᠤᠶᠢᠯᠠᠯ ᠤᠨ ᠨᠠᠷᠢᠨ ᠲᠠᠩᠰᠠ ᠶᠢᠨ 88.61% ᠶᠢ ᠡᠵᠡᠯᠡᠵᠦ᠂ ᠠᠵᠤ ᠠᠬᠤᠶᠢᠯᠠᠯ ᠢ ᠪᠠᠩᠬᠢ ᠳᠤ ᠲᠠᠨᠢᠯᠴᠠᠭᠤᠯᠪᠠ᠃ 2024 ᠣᠨ ᠤ 10 ᠰᠠᠷ᠎ᠠ ᠶᠢᠨ 15 ᠤ ᠡᠳᠦᠷ ᠠᠴᠠ ᠡᠬᠢᠯᠡᠨ᠂ ᠬᠠᠷᠢᠶ᠎ᠠ ᠲᠤᠭᠤᠷᠢᠭ ᠲᠠᠬᠢ ᠳᠥᠷᠪᠡᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠢᠭᠡᠨᠲᠡ 1009 ᠡᠷᠦᠬᠡ ᠳᠤ 2.1 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠵᠢᠭᠡᠯᠡᠯᠭᠡ ᠲᠠᠯᠪᠢᠬᠤ ᠡᠷᠦᠬᠡ ᠶᠢᠨ ᠲᠤᠭ᠎ᠠ ᠨᠢ ᠨᠠᠷᠢᠨ ᠲᠠᠩᠰᠠ ᠶᠢᠨ ᠠᠵᠤ ᠠᠬᠤᠶᠢᠯᠠᠯ ᠤᠨ ᠲᠤᠭ᠎ᠠ ᠶᠢᠨ 53.81% ᠶᠢ ᠡᠵᠡᠯᠡᠪᠡ᠃     ᠠᠪᠠᠭ᠎ᠠ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠰᠠᠯᠪᠤᠷᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠲᠢᠶᠠᠨ ᠯᠢ ᠱᠢ᠄ ᠠᠵᠤ ᠠᠬᠤᠢᠯᠠᠯ ᠤᠨ ᠬᠥᠭᠵᠢᠯᠲᠡ ᠪᠠ ᠮᠠᠯᠴᠢᠳ ᠤᠨ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ᠂ ᠵᠢᠵᠢᠭ ᠪᠢᠴᠢᠯ ᠠᠵᠤ ᠠᠬᠤᠢᠯᠠᠯ ᠤᠨ ᠪᠡᠯᠡ ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠶᠢ ᠬᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠪᠢᠳᠡ ᠪᠠᠰᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠬᠢ ᠵᠢᠯᠤᠭᠤᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠬᠦᠴᠦᠨ ᠢᠶᠠᠷ ᠭᠠᠵᠠᠷ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠪᠣᠯᠤᠨ᠎ᠠ ᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号