4 ᠰᠠᠷ᠎ᠠ ᠶᠢᠨ 3 ᠤ ᠡᠳᠦᠷ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠮᠪᠤ | ᠠᠭᠤᠳᠠᠮ ᠲᠠᠯᠠᠪᠠᠶ ᠳᠤ ︽ᠪᠣᠯᠪᠠᠰᠤᠨ ᠲᠠᠬᠢᠯᠭ᠎ᠠ ᠬᠢᠵᠦ᠂ ᠬᠠᠩᠰᠢ ᠶᠢᠨ ᠡᠳᠦᠷ ᠬᠡᠪ ᠵᠠᠩᠰᠢᠯ ᠢ ᠥᠭᠡᠷᠡᠴᠢᠯᠡᠨ᠂ | ᠰᠢᠨ᠎ᠡ ᠬᠡᠪ ᠰᠤᠷᠲᠠᠯ ᠢ ᠪᠣᠶ ᠪᠣᠯᠭᠠᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠤᠯᠠᠮᠵᠢᠯᠠᠨ ᠵᠠᠯᠭᠠᠮᠵᠢᠯᠠᠵᠤ᠂ ᠰᠢᠯᠢᠳᠡᠭ ᠰᠣᠶᠣᠯ ᠢ | ᠪᠠᠳᠠᠷᠠᠭᠤᠯᠤᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠪᠣᠯᠪᠠᠰᠤᠨ ᠲᠠᠬᠢᠯᠭ᠎ᠠ᠂ ᠠᠮᠤᠷ | ᠠᠮᠤᠭᠤᠯᠠᠩ ᠭᠡᠭᠡᠨ ᠰᠠᠷᠠᠭᠤᠯ᠂ ᠪᠣᠬᠢᠷᠲᠤᠯ ᠦᠭᠡᠢ ᠬᠠᠩᠰᠢ︾ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠪᠠ ᠰᠠᠶᠢᠨ ᠳᠤᠷᠠᠴᠣᠣᠯ ᠠᠰᠠᠭᠤᠨ ᠯᠠᠪᠯᠠᠬᠤ | ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠪᠣᠯᠪᠠᠰᠤᠨ ᠲᠠᠬᠢᠯᠭ᠎ᠠ ᠶᠢᠨ ᠴᠢᠬᠤᠯᠠ ᠴᠢᠨᠠᠷ ᠢ | ᠤᠬᠠᠭᠤᠯᠵᠤ᠂ ᠣᠯᠠᠨ ᠢᠶᠠᠷ ᠢᠶᠠᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠶᠢ | ᠰᠠᠨᠠᠭᠠᠴᠢᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ | ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠲᠡ ᠶᠢᠨ ᠣᠩᠭᠤᠨ ᠤ ᠲᠤᠭᠤᠷᠢᠭ᠂ ᠠᠭᠤᠯᠠᠨ | ᠡᠩᠭᠡᠷ᠂ ᠣᠶᠢᠲᠤ ᠭᠠᠵᠠᠷ ᠵᠢᠴᠢ ᠵᠠᠬ᠎ᠠ ᠬᠢᠵᠠᠭᠠᠷ ᠣᠷᠣᠨ ᠳᠤ ᠢᠯᠡ ᠭᠠᠯ ᠬᠡᠷᠡᠭᠯᠡᠬᠦ᠂ ᠲᠠᠮᠠᠬᠢᠨ ᠶᠤᠵᠤᠭᠤᠷ ᠢᠶᠠᠨ | ᠳᠤᠷ᠎ᠠ ᠪᠠᠷ ᠢᠶᠠᠨ ᠬᠠᠶᠠᠬᠤ᠂ ᠬᠦᠵᠢ ᠠᠰᠠᠭᠠᠵᠤ ᠴᠠᠭᠠᠰᠤ ᠰᠢᠲᠠᠭᠠᠬᠤ᠂ ᠫᠤᠤᠵᠢᠩ ᠲᠠᠯᠪᠢᠬᠤ ᠵᠡᠷᠭᠡ ᠶᠢ ᠴᠢᠩᠭ᠎ᠠ | ᠰᠡᠷᠭᠡᠶᠢᠯᠡᠵᠦ᠂ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠨ᠂ ᠠᠮᠤᠷ ᠲᠦᠪᠰᠢᠨ ᠢᠶᠠᠷ ᠲᠠᠬᠢᠯᠭ᠎ᠠ | ᠱᠦᠭᠦᠷᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ︽ᠰᠣᠷᠭᠤᠭ ᠴᠡᠴᠡᠭ ᠢᠶᠠᠷ ᠴᠠᠭᠠᠰᠤᠨ | ᠵᠣᠭᠤᠰ ᠢ ᠣᠷᠣᠯᠠᠭᠤᠯᠬᠤ᠂ ᠮᠣᠳᠣ ᠲᠠᠷᠢᠵᠤ ᠳᠤᠷᠠᠰᠤᠨ ᠰᠠᠨᠠᠭᠠᠯᠵᠠᠬᠤ᠂ ᠲᠣᠷᠭᠠᠨ ᠪᠥᠰ ᠢᠶᠠᠷ ᠭᠠᠰᠢᠭᠤᠳᠠᠯ ᠢᠶᠠᠨ | ᠢᠯᠡᠳᠬᠡᠬᠦ︾ ᠵᠡᠷᠭᠡ ᠪᠣᠬᠢᠷᠲᠤᠯ ᠥᠬᠡᠶ ᠪᠣᠯᠪᠠᠰᠤᠨ ᠲᠠᠬᠢᠯᠭ᠎ᠠ ᠶᠢᠨ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ᠂ | ᠣᠯᠠᠨ ᠲᠦᠮᠡᠨ ᠢ ᠬᠥᠲᠥᠯᠦᠨ ᠵᠢᠯᠣᠭᠤᠳᠴᠤ ᠴᠠᠭᠠᠰᠤᠨ ᠵᠣᠭᠤᠰ ᠰᠢᠲᠠᠭᠠᠬᠤ᠂ ᠫᠤᠤᠵᠢᠩ ᠲᠠᠯᠪᠢᠬᠤ ᠵᠡᠷᠭᠡ | ᠤᠯᠠᠮᠵᠢᠯᠠᠯᠲᠤ ᠲᠠᠬᠢᠯᠭ᠎ᠠ ᠶᠢᠨ ᠠᠷᠭ᠎ᠠ ᠮᠠᠶ᠋ᠢᠭ ᠢᠶᠠᠨ ᠲᠠᠶᠠᠭᠳᠠᠵᠤ᠂ ᠣᠲᠣ ᠦᠶ᠎ᠡ ᠶᠢᠨ ᠪᠣᠯᠪᠠᠰᠤᠨ ᠠᠷᠭ᠎ᠠ | ᠬᠡᠯᠪᠡᠷᠢ ᠶᠢ ᠠᠯᠬᠤᠮ ᠠᠯᠬᠤᠮ ᠢᠶᠠᠷ ᠬᠥᠭᠡᠭᠡᠴᠡᠯᠳᠦᠬᠦ ᠰᠠᠨᠠᠭᠠᠴᠢᠯᠠᠪᠠ᠃ | ᠡᠭᠦᠨ ᠠᠴᠠ ᠭᠠᠳᠠᠨ᠎ᠠ᠂ ᠠᠵᠢᠯᠲᠠᠳ ᠪᠠᠰᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠰᠠᠶᠢᠨ ᠰᠠᠶᠢᠬᠠᠨ ᠬᠡᠪ ᠰᠤᠷᠲᠠᠯ ᠢ ᠰᠠᠨᠠᠭᠠᠴᠢᠯᠠᠵᠤ᠂ ᠣᠯᠠᠨ ᠲᠦᠮᠡᠨ ᠳᠤ | ᠴᠢᠨᠳᠠᠷ ᠬᠠᠳᠠᠭᠠᠯᠠᠬᠤ᠂ ᠮᠣᠳᠣᠨ ᠣᠷᠣᠰᠢᠭᠤᠯᠭ᠎ᠠ᠂ ᠰᠡᠲᠡᠷᠯᠡᠬᠦ᠂ ᠭᠦᠨ ᠪᠤᠯᠠᠬᠤ ᠵᠡᠷᠭᠡ ᠭᠠᠵᠠᠷ ᠠᠷᠪᠢᠯᠠᠬᠤ ᠠᠮᠢ | ᠠᠬᠤᠶ ᠶᠢᠨ ᠣᠷᠣᠰᠢᠭᠤᠯᠭ᠎ᠠ ᠶᠢᠨ ᠠᠷᠭ᠎ᠠ ᠮᠠᠶ᠋ᠢᠭ ᠢ ᠰᠣᠩᠭᠤᠬᠤ ᠶᠢ ᠵᠣᠷᠢᠭᠵᠢᠭᠤᠯᠵᠤ᠂ ᠹᠧᠣᠳᠠᠯ ᠤᠨ ᠮᠤᠬᠤᠷ | ᠪᠢᠰᠢᠷᠡᠯ ᠢ ᠬᠥᠭᠡᠭᠡᠴᠡᠯᠳᠦᠬᠦ ᠦᠭᠡᠢ᠂ ᠪᠦᠷᠢᠯᠭᠡᠨ ᠰᠦᠢᠳᠬᠡᠬᠦ ᠦᠭᠡᠢ ᠪᠠᠶᠢᠬᠤ ᠬᠡᠷᠡᠭᠲᠡᠶ᠃ ᠴᠥᠭᠡᠨ ᠪᠤᠰᠤ | ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ | ᠪᠣᠯᠪᠠᠰᠤᠨ ᠲᠠᠬᠢᠯᠭ᠎ᠠ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠤᠶᠢᠰᠢᠳᠠ ᠪᠣᠯᠪᠠᠰᠤᠨ ᠲᠠᠬᠢᠯᠭ᠎ᠠ ᠶᠢᠨ | ᠠᠷᠭ᠎ᠠ ᠮᠠᠶ᠋ᠢᠭ ᠢ ᠢᠳᠡᠪᠬᠢᠲᠡᠶ ᠦᠢᠯᠡᠳᠦᠯᠭᠡᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠳᠤ | ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠡᠶ᠃ | ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠣᠯᠪᠠᠰᠤᠨ ᠲᠠᠬᠢᠯᠭ᠎ᠠ | ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ | ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠣᠯᠪᠠᠰᠤᠨ᠂ ᠪᠣᠬᠢᠷᠲᠤᠯ ᠦᠭᠡᠢ᠂ ᠣᠷᠴᠢᠨ ᠲᠣᠭᠤᠷᠢᠨ ᠢ | ᠬᠠᠮᠠᠭᠠᠯᠠᠬᠤ ᠲᠠᠬᠢᠯᠭ᠎ᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠪᠣᠯᠪᠠᠰᠤᠨ ᠲᠠᠬᠢᠯᠭ᠎ᠠ ᠶᠢ ᠨᠢᠭᠡ ᠵᠦᠢᠯ ᠤᠨ | ᠰᠢᠨ᠎ᠡ ᠬᠡᠪ ᠰᠤᠷᠲᠠᠯ ᠪᠣᠯᠭᠠᠵᠤ᠂ ᠠᠮᠤᠷ ᠠᠮᠤᠭᠤᠯᠠᠩ᠂ ᠪᠣᠯᠪᠠᠰᠤᠨ᠂ ᠪᠣᠬᠢᠷᠲᠤᠯ ᠦᠭᠡᠢ ᠬᠠᠩᠰᠢ ᠶᠢᠨ ᠡᠳᠦᠷ ᠢ | ᠬᠠᠮᠲᠤ ᠪᠠᠷ ᠥᠩᠭᠡᠷᠡᠭᠦᠯᠦᠨ᠎ᠡ ᠭᠡᠵᠦ ᠢᠯᠡᠷᠬᠡᠶᠢᠯᠡᠵᠡᠢ᠃ |