ᠠᠰᠫᠢᠷᠠᠨᠲ ᠨᠠᠷᠠᠨᠳᠠᠨ᠎ᠠ ᠶᠢᠨ ᠬᠦᠳᠡᠭᠡ ᠨᠤᠳᠤᠭ ᠲᠤ ᠪᠠᠨ ᠦᠷᠡᠯᠡᠬᠦᠯᠵᠦ ᠶᠠᠪᠤᠭ᠎ᠠ ᠦᠢᠯᠡᠰ ᠨᠡᠩ ᠪᠠᠳᠠᠷᠠᠭᠤᠨ
ᠨᠡᠶᠢᠲᠡᠯᠡᠭᠰᠡᠨ ᠴᠠᠭ᠄
2025/4/11
     ︽ᠬᠦᠳᠡᠭᠡ ᠨᠤᠲᠤᠭ ᠲᠤ ᠪᠠᠨ ᠬᠠᠷᠢᠵᠦ ᠠᠵᠢᠯᠯᠠᠨ᠎ᠠ ᠬᠡᠳᠡᠭ ᠪᠤᠯ ᠮᠢᠨᠦ ᠠᠮᠢᠳᠤᠷᠠᠯ ᠤᠨ ᠬᠠᠮᠤᠭ ᠤᠨ ᠭᠤᠶᠤ ᠡᠬᠢᠯᠡᠯᠳᠡ ᠶᠤᠮ ᠡ︾ ᠬᠡᠬᠦ  ᠲᠠᠷᠤᠤᠬᠠᠨ ᠶᠠᠷᠢᠶᠠᠨ ᠠᠴᠠ ᠨᠠᠷᠠᠨᠳᠠᠨ᠎ᠠ ᠶᠢᠨ ᠨᠤᠳᠤᠭ ᠤᠰᠤ ᠪᠠᠨ ᠬᠡᠮᠡᠨ ᠵᠤᠷᠢᠭᠰᠠᠨ ᠴᠢᠩ ᠰᠡᠳᠬᠢᠯ ᠪᠤᠯᠤᠨ ᠬᠠᠯᠠᠭᠤᠨ ᠬᠠᠶᠢᠷ᠎ᠠ ᠶᠢ ᠠᠷᠭ᠎ᠠ ᠦᠭᠡᠢ ᠮᠡᠳᠡᠷᠡᠭᠰᠡᠨ ᠶᠤᠮ᠃ ᠶᠡᠭᠡᠭᠤᠤᠯ ᠰᠤᠮᠤᠨ ᠤ ᠲᠡᠯᠭᠡᠷ ᠭᠠᠴᠠᠭ᠎ᠠ ᠪᠠᠷ ᠨᠤᠳᠤᠭᠳᠠᠢ ᠨᠠᠷᠠᠨᠳᠠᠨ᠎ᠠ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ ᠠᠷᠦ ᠭᠡᠷ ᠲᠤ ᠪᠠᠨ ᠪᠤᠴᠠᠨ᠂ ᠨᠤᠲᠤᠭ ᠤᠰᠤᠨ ᠤ ᠪᠠᠨ ᠪᠥᠲᠥᠭᠡᠨ ᠪᠠᠶᠢᠭᠤᠯᠤᠯᠲᠠ ᠳᠤ ᠬᠠᠯᠠᠭᠤᠨ ᠰᠡᠳᠬᠢᠯᠭᠡ ᠪᠠᠷ ᠦᠢᠯᠡᠴᠢᠯᠡᠵᠦ᠂ ᠰᠢᠨ᠎ᠠ ᠴᠠᠭ ᠦᠶ᠎ᠠ ᠶᠢᠨ ᠴᠢᠳᠠᠪᠤᠷᠢᠯᠢᠭ ᠵᠠᠯᠠᠭᠤᠰ ᠤᠨ ᠨᠢᠭᠡ ᠪᠤᠯᠵᠦ ᠬᠦᠳᠡᠭᠡ ᠤᠷᠤᠨ ᠨᠤᠳᠤᠭ  ᠲᠤ ᠪᠠᠨ ᠬᠢᠯᠠᠯᠵᠠᠭᠤᠯᠤᠨ᠎ᠠ᠃      ᠨᠠᠷᠠᠨᠲᠠᠨ᠎ᠠ 2019 ᠣᠨ ᠤ 7 ᠰᠠᠷ᠎ᠠ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠳᠡᠬᠦᠰᠴᠦ᠂ 10 ᠰᠠᠷ᠎ᠠ ᠳᠤᠨᠢ ᠮᠣᠩᠭᠤᠯ ᠤᠯᠤᠰ ᠤᠨ ᠤᠯᠤᠰ ᠤᠨ ᠰᠤᠷᠭᠠᠨ ᠬᠥᠮᠦᠵᠢᠯ ᠤᠨ ᠶᠡᠭᠡ ᠰᠤᠷᠭᠠᠭᠤᠯᠢ ᠳᠤ ᠠᠰᠫᠢᠷᠠᠨᠲ ᠢᠶᠠᠷ ᠰᠤᠷᠤᠯᠴᠠᠵᠦ᠂ 2021 ᠣᠨ ᠤ 6 ᠰᠠᠷ᠎ᠠ ᠳᠤ ᠰᠤᠷᠤᠯᠭ᠎ᠠ ᠶᠢᠨ ᠠᠶᠠᠨ  ᠢᠶᠠᠨ ᠠᠮᠵᠢᠯᠳᠠ ᠲᠡᠬᠦᠯᠳᠡᠷ ᠦᠨᠳᠦᠷᠯᠡᠬᠦᠯᠦᠭᠰᠡᠨ ᠢᠶᠠᠨ ᠬᠦᠳᠡᠭᠡ ᠨᠤᠲᠤᠭ ᠲᠤ ᠪᠠᠨ ᠪᠤᠴᠠᠨ ᠢᠷᠡᠵᠠᠢ᠃      ᠬᠤᠯᠠ ᠶᠠᠪᠤᠵᠦ ᠨᠢᠳᠦ ᠨᠡᠭᠡᠭᠡᠭᠰᠡᠨ ᠳᠡᠷᠡᠪᠡᠷ ᠨᠤᠲᠤᠭ ᠪᠡᠯᠴᠢᠭᠡᠷ ᠤᠨ ᠡᠬᠢ ᠪᠠᠶᠠᠯᠢᠭ ᠡᠯᠪᠡᠭ ᠲᠡᠯᠪᠡᠭ᠂ ᠬᠠᠷᠢᠨ ᠮᠠᠯᠴᠢᠳ ᠤᠨ ᠦᠵᠡᠯ ᠤᠬᠠᠮᠰᠠᠷ ᠤᠯᠠᠮᠵᠢᠯᠠᠯᠲᠤ ᠮᠠᠯᠵᠢᠯ ᠤᠨ ᠠᠷᠭ᠎ᠠ ᠲᠤᠷᠰᠢᠯᠭ᠎ᠠ ᠳᠤ ᠪᠠᠨ ᠲᠦᠰᠢᠵᠦ ᠪᠠᠶᠢᠭ᠎ᠠ᠂ ᠭᠠᠴᠠᠭᠠᠨ ᠤ ᠨᠠᠰᠤᠵᠢᠯ ᠤᠨ ᠨᠤᠷᠮ᠎ᠠ ᠦᠨᠳᠦᠷ᠂ ᠥᠨᠳᠥᠷ ᠬᠡᠪ ᠪᠣᠯᠪᠠᠰᠤᠷᠠᠯ ᠲᠠᠢ ᠵᠠᠯᠠᠭᠤ ᠺᠠᠳ᠋ᠷᠴᠤᠳ ᠳᠤᠲᠠᠭᠳᠠᠵᠤ ᠪᠠᠶᠢᠭ᠎ᠠ ᠵᠡᠷᠭᠡ ᠪᠠᠶᠢᠳᠠᠯ ᠢ ᠠᠵᠢᠨ ᠮᠡᠳᠡᠵᠦ᠂ ᠶᠡᠭᠡ ᠬᠤᠳᠠ ᠳᠤ ᠬᠦᠯ ᠲᠤᠭᠳᠠᠨᠢᠬᠤ ᠪᠤᠯᠤᠮᠵᠢ ᠶᠢ ᠲᠠᠶᠠᠭᠳᠠᠵᠦ᠂ ᠰᠤᠷᠭᠠᠭᠤᠯᠢ ᠪᠠᠨ ᠲᠡᠬᠦᠰᠦᠮᠡᠭᠴᠡ ᠡᠷᠡᠰ ᠰᠢᠭᠤᠷᠬᠠᠢ ᠪᠠᠷ ᠦᠰᠴᠦ ᠲᠦᠷᠦᠭᠰᠡᠨ ᠦᠯᠦᠭᠡᠢ ᠨᠤᠳᠤᠭ ᠶᠡᠬᠡᠭᠤᠤᠯ ᠰᠤᠮᠤᠨ ᠤ ᠳᠡᠯᠭᠡᠷ ᠭᠠᠴᠠᠭᠠᠨ ᠳᠤ ᠪᠠᠨ ᠪᠤᠴᠠᠨ ᠢᠷᠡᠵᠦ᠂ ᠨᠤᠲᠤᠭ ᠤᠰᠤᠨ ᠤ ᠪᠠᠨ ᠬᠥᠭᠵᠢᠯ ᠴᠡᠴᠡᠭᠯᠡᠯ ᠳᠤ ᠬᠤᠪᠢ ᠨᠡᠮᠡᠷᠢ ᠪᠠᠨ ᠦᠵᠡᠬᠦᠯᠬᠦ ᠪᠠᠷ ᠰᠢᠢᠳᠦᠭᠰᠡᠨ ᠶᠤᠮ᠃      2021 ᠣᠨ ᠳᠤ ᠨᠠᠷᠠᠨᠲᠠᠨ᠎ᠠ ᠭᠠᠴᠠᠭᠠᠨ ᠤ ᠰᠣᠩᠭᠤᠭᠤᠯᠢ ᠪᠠᠷ ᠳᠠᠮᠵᠢᠨ᠂ ᠳᠡᠯᠭᠡᠷ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ᠂ ᠡᠪᠯᠡᠯ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠪᠡ᠃ ᠪᠠᠰᠠ ᠠᠷᠠᠳ ᠤᠨ ᠶᠠᠪᠤᠳᠠᠯ ᠤᠨ ᠲᠤᠰᠠᠯᠠᠭᠴᠢ ᠪᠠ ᠬᠥᠳᠡᠯᠮᠦᠷᠢ ᠶᠢᠨ ᠪᠠᠲᠤᠯᠠᠭᠴᠢ᠂ ᠵᠡᠮᠳᠡᠭᠴᠦᠳ ᠤᠨ ᠬᠤᠯᠪᠣᠭ᠎ᠠ ᠶᠢᠨ ᠲᠤᠰᠬᠠᠢ ᠬᠡᠰᠢᠬᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠳᠠᠭᠠᠳᠬᠠᠯ ᠲᠤᠰᠢᠶᠠᠬᠤ ᠵᠡᠷᠭᠡ ᠠᠵᠢᠯ ᠢ ᠬᠠᠷᠢᠭᠤᠴᠠᠨ ᠬᠢᠳᠡᠭ᠃ ᠡᠶᠢᠨᠬᠦ ᠲᠤᠷᠠᠩᠬᠠᠢ ᠪᠡᠶ᠎ᠡ ᠲᠠᠢ ᠵᠠᠯᠠᠭᠤᠬᠠᠨ ᠬᠡᠦᠬᠡᠨ ᠤ ᠶᠠᠭᠠᠷᠠᠤᠬᠠᠨ ᠪᠠᠷ᠎ᠠ᠂ ᠶᠡᠬᠡᠭᠤᠣᠯ ᠰᠤᠮᠤᠨ ᠤ ᠳᠡᠯᠭᠡᠷ ᠭᠠᠴᠠᠭᠠᠨ ᠳᠤ ᠦᠷᠬᠦᠯᠵᠢ ᠬᠠᠷᠠᠭᠳᠠᠳᠠᠭ ᠪᠤᠯᠵᠠᠢ᠃ ᠪᠡᠶ᠎ᠡ ᠪᠢᠯᠳᠠᠷ ᠨᠠᠮᠬᠠᠨ ᠬᠢᠷᠢᠨ᠎ᠡ ᠫᠢᠺ ᠮᠠᠰᠢᠨ ᠪᠠᠷᠢᠵᠦ ᠠᠶᠢᠯ ᠡᠷᠦᠭᠡ ᠪᠦᠷᠢ ᠪᠠᠷ ᠠᠵᠢᠯ ᠠᠮᠵᠢᠭᠤᠯᠵᠦ ᠶᠠᠪᠤᠬᠤ ᠳᠤ ᠪᠠᠨ᠂ ᠮᠠᠯᠴᠢᠨ ᠲᠦᠮᠡᠨ ᠳᠤ ᠪᠠᠨ ᠦᠷᠬᠦᠯᠵᠢ ᠬᠠᠷᠠᠮ ᠦᠭᠡᠢ ᠦᠢᠯᠡᠴᠢᠯᠡᠭᠡ ᠬᠠᠩᠭᠠᠵᠦ ᠶᠠᠪᠤᠳᠠᠭ ᠠᠴᠠ ᠭᠠᠴᠠᠭᠠᠨ ᠤ ᠠᠷᠠᠳ ᠤᠨ ᠢᠶᠠᠨ ᠢᠳᠡᠬᠡᠯ ᠨᠠᠶᠢᠳᠠᠪᠤᠷᠢ ᠶᠢ ᠬᠦᠷᠳᠡᠵᠦ᠂ ᠳᠡᠬᠦᠨ ᠢ ︽ᠬᠤᠶᠠᠷ ᠵᠥᠪᠯᠡᠯ︾ ᠤᠨ ᠺᠠᠳ᠋ᠷ ᠢᠶᠠᠷ ᠨᠢ ᠪᠢᠰᠢ ᠠᠵᠢᠯ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠨᠤᠲᠤᠭ ᠤᠰᠤᠨ  ᠳᠤ ᠪᠠᠨ ᠬᠠᠶᠢᠷᠠᠳᠠᠢ᠂ ᠦᠨᠡᠨ ᠰᠡᠳᠬᠢᠯ ᠢᠶᠠᠷ ᠦᠨᠳᠦᠰᠦᠨ ᠱᠠᠳᠤᠨ ᠳᠤ ᠦᠢᠯᠡᠴᠢᠯᠡᠵᠦ ᠶᠠᠪᠤᠭ᠎ᠠ ᠪᠠᠷ ᠢᠶᠠᠨ ᠤᠯᠠᠨ ᠲᠦᠮᠡᠨ ᠨᠢ ᠮᠡᠳᠡᠷᠡᠵᠦ ᠪᠠᠶᠢᠳᠠᠭ᠃       ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠤᠰᠢᠶᠠᠬᠤ᠂ ᠨᠠᠰᠤᠵᠢᠯ ᠤᠨ ᠳᠠᠭᠠᠳᠬᠠᠯ ᠤᠨ  ᠬᠠᠷᠠᠮᠵᠢ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠯ ᠬᠢᠬᠦ ᠵᠡᠷᠭᠡ ᠪᠤᠯ ᠪᠦᠷ ᠮᠠᠯᠴᠢᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ ᠪᠠᠶᠢᠳᠠᠭ ᠠᠷᠠᠳ ᠤᠨ ᠠᠮᠢᠳᠤᠷᠠᠯ ᠤᠨ ᠴᠢᠬᠤᠯᠠ ᠠᠵᠢᠯ ᠤᠨ ᠨᠢᠭᠡ ᠪᠣᠯᠤᠨ᠎ᠠ᠃ ᠭᠡᠪᠡᠴᠦ ᠮᠠᠯᠵᠢᠬᠤ ᠣᠷᠣᠨ ᠤ ᠵᠠᠯᠠᠭᠤᠴᠤᠳ ᠴᠦᠭᠡᠷᠡᠵᠦ᠂ ᠬᠥᠮᠦᠨ ᠠᠮᠠ ᠶᠢᠨ ᠨᠠᠰᠤᠵᠢᠯ ᠤᠨ ᠠᠰᠠᠭᠤᠳᠠᠯ ᠨᠡᠯᠢᠶᠡᠳ ᠲᠣᠪᠤᠶᠢᠮ᠎ᠠ ᠪᠤᠯᠵᠦ ᠪᠠᠶᠢᠭ᠎ᠠ ᠠᠴᠠ᠂ ᠮᠠᠰᠢ ᠣᠯᠠᠨ ᠨᠠᠰᠤᠲᠠᠶᠢᠴᠤᠳ ᠭᠠᠷ ᠤᠲᠠᠰᠤᠨ ᠤ APP ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠳᠠᠭᠠᠳᠬᠠᠯ ᠳᠤ ᠣᠷᠣᠯᠴᠠᠵᠤ ᠰᠦᠢᠳᠬᠡᠯ ᠳᠤᠰᠢᠶᠠᠵᠦ ᠴᠢᠳᠠᠬᠤ ᠥᠬᠡᠶ᠂ ᠡᠭᠦᠨ ᠤ ᠳᠡᠭᠡᠷ᠎ᠡ ᠮᠠᠯᠵᠢᠬᠤ ᠣᠷᠣᠨ ᠤ ᠬᠦᠮᠦᠨ ᠠᠮᠠ ᠲᠠᠷᠠᠬᠠᠶ ᠪᠤᠲᠠᠷᠬᠠᠶ᠂ ᠵᠠᠮ ᠬᠠᠷᠢᠯᠴᠠᠭ᠎ᠠ ᠳᠥᠭᠦᠮ ᠦᠭᠡᠢ ᠵᠡᠷᠭᠡ ᠠᠴᠠ ᠰᠢᠯᠳᠠᠭᠠᠯᠠᠭᠳᠠᠵᠦ᠂ ᠮᠠᠯᠴᠢᠨ ᠲᠦᠮᠡᠨ ᠤ ᠰᠦᠢᠳᠬᠡᠯ ᠲᠤᠰᠢᠶᠠᠬᠤ ᠪᠠ ᠭᠡᠷᠡᠴᠢᠯᠡᠬᠦ ᠠᠵᠢᠯ ᠤᠨ ᠶᠠᠪᠤᠴᠠ ᠳᠤ ᠬᠦᠴᠢᠷᠳᠡᠯ ᠪᠠ ᠬᠠᠷᠰᠢ ᠰᠠᠭᠠᠳ ᠲᠤᠯᠭᠠᠷᠠᠵᠦ ᠯᠡ ᠪᠠᠶᠢᠳᠠᠭ᠃ ᠨᠠᠷᠠᠨᠲᠠᠨ᠎ᠠ ᠤᠯᠠᠨ ᠤ ᠬᠦᠴᠢᠷᠳᠡᠯ ᠪᠠ ᠶᠠᠷᠰᠢᠭ ᠲᠦᠪᠡᠭ ᠢ ᠰᠢᠢᠳᠪᠦᠷᠢᠯᠡᠵᠦ ᠦᠭᠭᠦ ᠶᠢᠨ ᠲᠦᠯᠦᠭᠡ ᠢᠳᠡᠪᠬᠢᠲᠡᠶ ᠪᠠᠷ ︽ᠬᠡᠷ ᠲᠤᠨᠢ ᠬᠦᠷᠴᠦ ᠦᠢᠯᠡᠴᠢᠯᠡᠬᠦ︾ ᠠᠷᠭ᠎ᠠ ᠪᠠᠷ ᠭᠠᠴᠠᠭᠠᠨ ᠤ ᠠᠷᠠᠳ ᠢᠶᠠᠨ  ᠬᠠᠪᠰᠤᠷᠳᠠᠭ ᠪᠤᠯᠪᠠ᠃ ᠳᠡᠷᠡ ᠬᠠᠬᠢᠷ ᠬᠦᠢᠲᠡᠨ᠂ ᠠᠭᠠᠭᠢᠮ᠎ᠠ ᠬᠠᠯᠠᠭᠤᠨ ᠡᠳᠦᠷ ᠢ ᠢᠯᠭᠠᠯ ᠦᠭᠡᠢ᠂ ᠣᠯᠠᠨ ᠲᠦᠮᠡᠨ ᠤ ᠦᠢᠯᠡᠴᠢᠯᠡᠬᠦᠯᠬᠦ ᠱᠠᠭᠠᠷᠳᠠᠯᠭ᠎ᠠ ᠲᠠᠢ᠂ ᠬᠦᠴᠢᠷᠳᠡᠯ ᠲᠤᠯᠭᠠᠷᠠᠭᠰᠠᠨ ᠦᠶ᠎ᠠ ᠳᠤ ᠳᠡᠬᠦᠨ ᠳᠤ ᠳᠠᠭᠤᠳᠠᠯᠭ᠎ᠠ ᠢᠷᠡᠪᠡᠯ ᠳᠠᠪᠬᠢᠭᠠᠳ ᠤᠴᠢᠳᠠᠭ ᠬᠠᠮᠤᠭ ᠤᠨ ᠬᠠᠯᠠᠭᠤᠨ ᠲᠤᠳᠤᠨᠤ ᠦᠢᠯᠡᠴᠢᠯᠡᠭᠴᠢ ᠨᠢ ᠪᠤᠯᠤᠭᠰᠠᠨ ᠪᠠᠶᠢᠨ᠎ᠠ᠃ ᠬᠡᠷ ᠲᠤᠨᠢ ᠬᠦᠷᠴᠦ ᠦᠢᠯᠡᠴᠢᠯᠡᠭᠰᠡᠨ ᠢᠶᠠᠷ᠂ ᠮᠠᠯᠴᠢᠨ ᠲᠦᠮᠡᠨ ᠴᠠᠭ ᠳᠠᠷᠤᠢ ᠳᠤᠨᠢ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠠᠷ ᠲᠠᠭᠠᠳᠬᠠᠯ ᠢᠶᠠᠨ ᠲᠤᠰᠢᠶᠠᠳᠠᠭ ᠪᠤᠯᠵᠦ᠂ ᠳᠡᠯᠭᠡᠷ ᠭᠠᠴᠠᠭᠠᠨ ᠤ ᠮᠠᠯᠴᠢᠳ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠨᠣᠷᠮ᠎ᠠ ᠵᠢᠯ ᠪᠦᠷᠢ 90 % ᠳᠤ ᠬᠦᠷᠴᠦ᠂ ᠨᠠᠷᠠᠨᠲᠠᠨ᠎ᠠ ︽2023 ᠣᠨ ᠤ ᠰᠢᠯᠢᠳᠡᠭ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠠᠵᠢᠯᠲᠠᠨ︾ ᠢᠶᠠᠷ ᠦᠨᠡᠯᠡᠭᠳᠡᠪᠡ᠃      ᠳᠡᠷᠡᠴᠢᠯᠡᠨ ᠭᠠᠴᠠᠭᠠᠨ ᠤ ᠲᠣᠣᠷᠵᠢᠭᠤᠯᠤᠭᠰᠠᠨ ᠬᠠᠮᠢᠶᠠᠷᠤᠯᠲᠠ ᠶᠢᠨ ᠳᠤᠭᠤᠶᠢᠯᠠᠩ ᠤᠨ ᠳᠠᠷᠤᠭ᠎ᠠ ᠪᠣᠯᠤᠭᠰᠠᠨ ᠤ ᠬᠤᠪᠢ ᠳᠤ᠂ ᠨᠠᠷᠠᠨᠳᠠᠨ᠎ᠠ ᠵᠢᠯ ᠪᠦᠷᠢ ᠶᠢᠨ ᠬᠠᠪᠤᠷ᠂ ᠨᠠᠮᠤᠷ ᠤᠨ ᠤᠯᠠᠷᠢᠯ ᠪᠤᠯᠤᠭᠰᠠᠭᠠᠷ ᠴᠥᠮ ᠮᠠᠯᠵᠢᠬᠤ ᠡᠷᠦᠬᠡ ᠲᠠᠢ ᠲᠦᠢᠮᠡᠷ ᠰᠡᠷᠭᠡᠶᠢᠯᠡᠬᠦ ᠭᠡᠷ᠎ᠡ ᠲᠣᠭᠲᠠᠬᠤ ᠶᠢᠨ ᠬᠠᠮᠲᠤ ᠲᠦᠢᠮᠡᠷ ᠰᠡᠷᠭᠡᠶᠢᠯᠡᠬᠦ ᠳᠠᠨᠢᠯᠳᠠ ᠶᠢ ᠨᠢ ᠲᠡᠭᠡᠭᠰᠢᠯᠡᠬᠦᠯᠦᠨ᠂ ᠮᠠᠯᠴᠢᠳ ᠢ ᠰᠣᠨᠣᠷ ᠰᠡᠷᠡᠮᠵᠢ ᠪᠠᠨ ᠴᠠᠭ ᠢᠮᠠᠭᠲᠠ ᠳᠡᠭᠡᠭᠰᠢᠯᠡᠭᠦᠯᠵᠦ᠂ ᠬᠡᠭᠡᠷ᠎ᠡ ᠭᠠᠳᠠᠨ᠎ᠠ ᠳᠤᠷ᠎ᠠ ᠪᠠᠷ ᠭᠠᠯ ᠬᠡᠷᠡᠭᠯᠡᠬᠦ ᠦᠭᠡᠢ ᠪᠠᠶᠢᠬᠤ ᠲᠤᠬᠠᠢ ᠰᠠᠨᠠᠭᠤᠯᠤᠮᠵᠢ ᠦᠭᠳᠡᠭ ᠶᠤᠮ ᠪᠠᠶᠢᠨ᠎ᠠ᠃      ᠡᠪᠯᠡᠯ ᠤᠨ ᠡᠬᠦᠷ ᠤᠨ ᠱᠦᠵᠢ ᠪᠤᠯᠤᠭᠰᠠᠨ ᠲᠡᠷᠡ ᠡᠳᠦᠷ ᠠᠴᠠ ᠡᠬᠢᠯᠡᠨ᠂ ᠨᠠᠷᠠᠨᠲᠠᠨ᠎ᠠ ᠦᠪᠡᠷ ᠤᠨ ᠪᠠᠶ᠎ᠠ ᠳᠤ  ᠪᠠᠨ ᠲᠦᠷᠦᠭᠦᠯᠡᠨ ᠰᠤᠷᠤᠯᠴᠠᠵᠤ᠂ ᠲᠦᠷᠦᠭᠦᠯᠡᠨ ᠬᠤᠪᠢ ᠨᠡᠮᠡᠷᠢ ᠦᠵᠡᠭᠦᠯᠵᠦ᠂ ᠲᠦᠷᠦᠭᠦᠯᠡᠨ ᠦᠢᠯᠡᠰ ᠢᠶᠠᠨ ᠳᠡᠭᠡᠳᠦᠯᠡᠵᠦ᠂ ᠲᠦᠷᠦᠭᠦᠯᠡᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠬᠦ ︽ᠳᠥᠷᠪᠡ ᠶᠢ ᠲᠦᠷᠦᠬᠦᠯᠡᠨ ᠪᠡᠶᠡᠯᠡᠬᠦᠯᠬᠦ︾ ᠱᠠᠭᠠᠷᠳᠠᠯᠭ᠎ᠠ ᠳᠠᠯᠪᠢᠭᠰᠠᠨ ᠪᠠᠶᠢᠳᠠᠭ᠃ ᠲᠡᠭᠦᠨ ᠤ ᠦᠵᠡᠬᠦ ᠪᠠᠷ᠂ ᠦᠭᠡ ᠶᠠᠷᠢᠶ᠎ᠠ   ᠠᠴᠠ ᠦᠢᠯᠡ ᠠᠵᠢᠯᠯᠠᠭ᠎ᠠ ᠨᠡᠩ ᠴᠢᠬᠤᠯᠠ᠂ ᠥᠪᠡᠷ ᠢᠶᠠᠨ ᠲᠦᠷᠦᠬᠦᠯᠡᠨ ᠦᠯᠢᠭᠡᠷ ᠳᠠᠭᠤᠷᠢᠶᠠᠯ ᠪᠤᠯᠵᠦ᠂ ᠭᠠᠴᠠᠭᠠᠨ ᠤ ᠪᠠᠨ ᠵᠠᠯᠠᠭᠤᠴᠤᠳ ᠢ ᠳᠠᠶᠢᠴᠢᠯᠠᠨ ᠴᠠᠭ ᠦᠶ᠎ᠡ ᠶᠢᠨ ᠬᠤᠰᠢᠭᠤᠴᠢ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠬᠤ ᠪᠤᠯ ᠴᠢᠬᠤᠯᠠ ᠬᠡᠮᠡᠨ ᠦᠵᠡᠳᠡᠭ ᠶᠤᠮ ᠪᠠᠶᠢᠨ᠎ᠠ᠃ ᠡᠬᠦᠨ ᠠᠴᠠ ᠭᠠᠳᠠᠨ᠎ᠠ᠂ 2019 ᠣᠨ ᠠᠴᠠ ᠨᠠᠰᠢ᠂ ᠳᠡᠯᠭᠡᠷ ᠭᠠᠴᠠᠭᠠᠨ ᠤ ᠤᠯᠠᠨ ᠲᠦᠮᠡᠨ ᠬᠠᠮᠲᠤ ᠪᠠᠷ ᠭᠠᠴᠠᠭᠠᠨ ᠤ ᠬᠦᠳᠡᠯᠭᠡᠭᠡᠨ ᠤ ᠰᠠᠭᠤᠷᠢᠨ ᠭᠠᠵᠠᠷ ᠤᠨ  ᠢᠶᠠᠨ ᠡᠷᠬᠢᠨ ᠲᠣᠭᠤᠷᠢᠨ ᠳᠤ ᠮᠠᠰᠢ ᠣᠯᠠᠨ ᠮᠣᠳᠣ ᠳᠠᠷᠢᠵᠤ᠂ ᠨᠠᠷᠠᠨᠲᠠᠨ᠎ᠠ ᠨᠠᠮ ᠤᠨ ᠡᠭᠦᠷ ᠤᠨ ᠲᠤᠰᠢᠶᠠᠭᠰᠠᠨ ᠡᠭᠦᠷᠭᠡ ᠶᠢ ᠢᠳᠡᠪᠬᠢᠲᠡᠢ ᠡᠭᠦᠷᠭᠡᠯᠡᠵᠦ᠂ ᠭᠠᠴᠠᠭᠠᠨ ᠤ ᠵᠠᠯᠠᠭᠤᠴᠤᠳ ᠢᠶᠠᠨ ᠵᠣᠬᠢᠶᠠᠨ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ ᠤᠰᠤᠯᠠᠬᠤ ᠡᠬᠦᠷᠭᠡ ᠶᠢ ᠬᠦᠢᠴᠡᠳᠭᠡᠨ᠎ᠡ᠃ ᠵᠢᠯ ᠪᠦᠷᠢ ᠵᠠᠯᠠᠭᠤᠴᠤᠳ ᠢᠶᠠᠨ ᠳᠠᠭᠠᠭᠤᠯᠤᠨ ᠣᠯᠠᠨ ᠤᠳᠠᠭᠠᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠠᠯᠠᠭᠤ ᠮᠠᠯᠴᠢᠳ ᠢ ᠵᠣᠬᠢᠶᠠᠨ ᠪᠠᠶᠢᠭᠤᠯᠤᠨ ᠲᠣᠭᠤᠷᠢᠨ ᠰᠤᠷᠤᠯᠴᠠᠭᠤᠯᠳᠠᠭ᠃ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠲᠤᠷᠠᠴᠤᠤᠯ ᠢ ᠳᠠᠭᠠᠭᠤᠯᠤᠨ᠂ ᠭᠠᠴᠠᠭᠠᠨ ᠤ ᠬᠦᠳᠡᠯᠭᠡᠭᠡᠨ ᠤ ᠰᠠᠭᠤᠷᠢᠨ ᠭᠠᠵᠠᠷ ᠲᠤ ᠠᠯᠪᠠᠨ ᠵᠢᠷᠤᠮ ᠤᠨ ᠬᠥᠳᠡᠯᠮᠦᠷᠢ ᠬᠢᠵᠦ᠂ ᠳᠤᠷ᠎ᠠ ᠪᠠᠷ ᠢᠶᠠᠨ ᠲᠠᠯᠪᠢᠭᠰᠠᠨ᠂ ᠳᠤᠷ᠎ᠠ ᠪᠠᠷ ᠢᠶᠠᠨ ᠣᠪᠣᠭᠠᠯᠠᠭᠰᠠᠨ ᠢ ᠶᠡᠬᠡᠪᠡᠷ ᠴᠡᠪᠡᠷᠯᠡᠵᠦ  ᠂ ︽ᠪᠤᠵᠠᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ︾ ᠰᠠᠶᠢᠨ ᠳᠤᠷ᠎ᠠ ᠶᠢᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠦᠪᠡᠷ ᠢᠶᠠᠨ ᠲᠦᠷᠦᠬᠦᠯᠡᠭᠰᠡᠨ ᠬᠠᠷᠠᠮ ᠦᠭᠡᠢ ᠵᠤᠷᠢᠭᠤᠯᠬᠤ ᠦᠢᠯᠡ ᠠᠵᠢᠯᠯᠠᠭ᠎ᠠ ᠦᠭᠡᠳᠡᠷᠡᠭ ᠰᠡᠳᠬᠢᠯ ᠢᠶᠠᠷ ᠭᠠᠴᠠᠭᠠᠨ ᠤ ᠪᠠᠨ ᠵᠠᠯᠠᠭᠤᠴᠤᠳ ᠤᠨ ᠬᠦᠳᠡᠭᠡ ᠨᠤᠲᠤᠭ ᠤᠨ ᠢᠶᠠᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠨᠢ ᠬᠦᠭᠵᠢᠭᠡᠭᠰᠡᠭᠡᠷ᠃      ᠨᠠᠷᠠᠨᠲᠠᠨ᠎ᠠ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠬᠥᠰᠡᠷᠳᠡᠭᠦᠯᠬᠦ ᠦᠭᠡᠢ ᠪᠠᠷ ᠴᠢᠩᠭ᠎ᠠ ᠡᠬᠦᠷᠭᠡᠯᠡᠵᠦ᠂ ᠮᠠᠯᠴᠢᠨ ᠠᠷᠠᠳ ᠤᠨ ᠢᠶᠠᠨ ᠬᠦᠰᠡᠯ ᠨᠠᠶᠢᠳᠠᠯᠠᠭ᠎ᠠ ᠶᠢ ᠳᠤᠷᠠᠳᠠᠶᠢᠶ᠎ᠠ ᠬᠦᠯᠢᠶᠡᠵᠦ᠂ ᠤᠷᠤᠭᠰᠢᠯᠠᠨ ᠳᠠᠪᠰᠢᠬᠤ ᠵᠤᠷᠢᠭ ᠢᠳᠡᠭᠡᠯ ᠢᠶᠠᠷ ᠰᠢᠨ᠎ᠠ ᠴᠠᠭ ᠦᠶ᠎ᠠ ᠶᠢᠨ ᠰᠤᠳᠤᠨ ᠵᠠᠯᠠᠭᠤ ᠶᠢᠨ  ᠡᠩᠨᠡᠬᠡᠨ ᠳᠤ ᠬᠤᠰᠢᠭᠤᠷᠠᠵᠦ ᠶᠠᠪᠤᠨ᠎ᠠ᠃ ᠳᠡᠬᠦᠨ ᠤ ᠠᠵᠢᠯ ᠦᠢᠯᠡᠰ ᠢᠶᠠᠨ ᠳᠡᠭᠡᠳᠦᠯᠡᠳᠡᠭ᠂ ᠴᠢᠩ ᠰᠡᠳᠬᠢᠯ ᠠᠴᠠ ᠪᠠᠨ ᠠᠷᠠᠳ ᠲᠦᠮᠡᠨ ᠳᠤ ᠪᠠᠨ  ᠦᠢᠯᠡᠴᠢᠯᠡᠳᠡᠭ᠂ ᠦᠪᠡᠷ ᠢ ᠪᠠᠨ ᠬᠠᠷᠠᠮ ᠦᠭᠡᠢ ᠵᠤᠷᠢᠭᠤᠯᠳᠠᠭ᠂ ᠵᠠᠯᠠᠭᠤᠰ ᠲᠠᠢ ᠪᠠᠨ ᠬᠠᠮᠳᠤᠪᠡᠷ ᠳᠠᠪᠰᠢᠬᠤ ᠶᠢ ᠪᠤᠳᠤᠳᠠᠭ ᠁ ᠵᠡᠷᠭᠡ ᠵᠣᠷᠢᠭ ᠰᠠᠨᠠᠭ᠎ᠠ ᠨᠢ ᠭᠠᠴᠠᠭᠠᠨ ᠤ ᠨᠠᠮ ᠤᠨ ᠡᠭᠦᠷ ᠵᠢᠴᠢ ᠮᠠᠯᠴᠢᠨ ᠤᠯᠠᠨ ᠤ ᠪᠠᠨ ᠢᠳᠡᠬᠡᠯ ᠬᠦᠨᠳᠦ ᠶᠢ ᠦᠨᠡᠨ ᠬᠦ ᠤᠯᠤᠭᠰᠠᠭᠠᠷ ᠪᠠᠶᠢᠨ᠎ᠠ᠃ 2023 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ ᠪᠠᠰᠠ ᠤᠷᠢᠳ ᠬᠤᠵᠢᠳ ᠬᠤᠰᠢᠭᠤᠨ ᠤ ᠲᠠᠰ ᠤᠨ ︽ᠰᠢᠯᠢᠳᠡᠭ ᠡᠪᠯᠡᠯ ᠤᠨ ᠺᠠᠳ᠋ᠷ︾᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠡᠷᠢᠭᠦᠨ ᠤ ᠬᠤᠪᠢ ᠬᠥᠮᠦᠨ︾ ᠵᠡᠷᠭᠡ ᠢᠷᠠᠭᠤ ᠠᠯᠳᠠᠷ  ᠲᠠᠢ᠃      ᠨᠠᠷᠠᠨᠳᠠᠨ᠎ᠠ᠄ ︽ᠨᠠᠳᠠ ᠦᠭᠭᠦᠭᠰᠡᠨ ᠢᠷᠠᠭᠤ ᠠᠯᠳᠠᠷ ᠦᠨᠡᠯᠡᠯᠳᠡ ᠪᠠ ᠠᠷᠠᠳ ᠤᠯᠠᠨ ᠤ ᠢᠳᠡᠭᠡᠯ ᠨᠠᠶᠢᠳᠠᠯᠭ᠎ᠠ ᠳᠤ ᠴᠢᠩ ᠰᠡᠳᠬᠢᠯ ᠠᠴᠠ ᠪᠠᠨ ᠪᠠᠶᠠᠷᠯᠠᠨ᠎ᠠ᠂ ᠬᠤᠵᠢᠮ ᠬᠤᠶᠢᠰᠢᠳᠠ ᠠᠵᠢᠯ ᠢᠶᠠᠨ ᠤᠯᠠᠮ ᠨᠢᠮᠪᠠᠶ ᠨᠠᠶᠢᠳᠠᠪᠤᠷᠢᠵᠢᠭᠤᠯᠵᠤ᠂ ᠨᠠᠩ ᠰᠢᠯᠢᠳᠡᠭ ᠬᠢᠷᠢ ᠪᠦᠲᠦᠮᠵᠢ ᠤᠯᠬᠤ ᠪᠠᠷ ᠴᠢᠷᠮᠠᠶᠢᠵᠤ᠂ ᠭᠠᠴᠠᠭᠠᠨ ᠤ ᠪᠠᠨ ᠵᠠᠯᠠᠭᠤᠰ ᠢ ᠢᠳᠡᠪᠬᠢᠳᠠᠢ ᠳᠠᠶᠢᠴᠢᠯᠠᠨ ᠬᠠᠮᠳᠤᠪᠡᠷ ᠳᠠᠪᠰᠢᠵᠦ᠂ ᠭᠠᠴᠠᠭᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ  ᠦᠵᠡᠬᠦᠯᠬᠦ ᠪᠠᠷ ᠴᠢᠷᠮᠠᠶᠢᠬᠤ ᠪᠤᠯᠤᠨ᠎ᠠ︾ ᠬᠡᠮᠡᠨ ᠢᠳᠡᠭᠡᠯ ᠪᠠᠳᠦ ᠤᠴᠢᠷᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号