ᠰᠢ ᠶᠢᠨ ᠫᠢᠩ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/15
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 11 ᠤ ᠴᠠᠭᠢᠯᠭᠠᠨ ᠮᠡᠳᠡᠭᠡ 4 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃
     4 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ︶      ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠪᠠ ᠥᠷᠢᠰᠦᠯᠳᠦᠭᠡᠨ ᠳᠠᠪᠬᠤᠴᠠᠵᠤ ᠪᠤᠢ᠂ ᠡᠯ᠎ᠡ ᠤᠯᠤᠰ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠳᠡᠯᠡᠬᠡᠢ ᠶᠢᠨ ᠪᠠᠶᠢᠳᠠᠯ ᠰᠠᠮᠠᠭᠤᠷᠠᠨ ᠰᠣᠯᠪᠢᠴᠠᠬᠤ ᠲᠤᠰᠤᠮ᠂ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠲᠣᠭᠲᠠᠭᠤᠨ ᠢᠶᠠᠷ ᠬᠥᠭᠵᠢᠬᠦ ᠶᠢᠨ ᠴᠢᠬᠤᠯᠠ ᠴᠢᠨᠠᠷ ᠲᠡᠳᠦᠢ ᠲᠣᠪᠤᠶᠢᠮ᠎ᠠ ᠪᠣᠯᠣᠨ᠎ᠠ᠃ ᠡᠨᠡ ᠵᠢᠯ ᠪᠣᠯ ᠳᠤᠮᠳᠠᠳᠤ ᠤᠯᠤᠰ ᠪᠣᠯᠣᠨ ᠢᠰᠫᠠᠨᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠨᠡᠩ ᠢᠯᠡᠭᠦᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠲᠠᠢ᠂ ᠨᠡᠩ ᠢᠯᠡᠭᠦᠦ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ ᠬᠥᠳᠡᠯᠭᠡᠬᠦ ᠬᠦᠴᠦᠨ ᠨᠡᠮᠡᠷᠢᠯᠡᠬᠦ ᠶᠢᠨ ᠬᠠᠮᠲᠤ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠯᠢᠪᠠ ᠶᠢ ᠠᠵᠢᠭᠯᠠᠬᠤ ᠳᠤ ᠥᠷᠭᠡᠨ ᠬᠠᠷᠠᠭᠠᠰᠤ ᠠᠭᠤᠳᠠᠮ ᠪᠠᠭᠲᠠᠭᠠᠮᠵᠢ ᠬᠡᠷᠡᠭᠲᠡᠢ᠃ ᠳᠤᠮᠳᠠᠳᠤ ᠢᠰᠫᠠᠨᠢ ᠶᠢᠨ ᠨᠥᠬᠦᠷᠯᠡᠯ ᠪᠣᠯ ᠬᠤᠶᠠᠷ ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ᠂ ᠪᠣᠳᠠᠲᠤ ᠠᠬᠤᠢ ᠶᠢᠨ ᠬᠡᠷᠡᠭᠴᠡᠭᠡ᠂ ᠠᠯᠤᠰ ᠭᠡᠳᠦ ᠶᠢᠨ ᠠᠰᠢᠭ ᠲᠤᠰᠠ ᠳᠤ ᠰᠠᠭᠤᠷᠢᠯᠠᠵᠤ ᠲᠣᠭᠲᠠᠭᠠᠭᠰᠠᠨ ᠵᠥᠪ ᠰᠣᠩᠭᠤᠯᠲᠠ ᠮᠥᠨ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠤᠯᠤᠰ ᠲᠦᠷᠦ ᠶᠢᠨ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠬᠠᠷᠢᠯᠴᠠᠨ ᠢᠲᠡᠭᠡᠵᠦ᠂ ᠬᠠᠷᠢᠯᠴᠠᠨ ᠭᠦᠨᠳᠦᠳᠭᠡᠵᠦ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠵᠦ᠂ ᠢᠯᠠᠩᠭᠤᠶ᠎ᠠ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠳᠡᠮᠵᠢᠶ᠎ᠡ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠶᠢᠨ ᠬᠡᠷᠡᠭᠯᠡᠭᠡ ᠶᠢᠨ ᠲᠡᠰ ᠳᠡᠪᠰᠢᠬᠦ ᠬᠡᠷᠡᠭᠴᠡᠭᠡ ᠪᠣᠯᠣᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ ᠲᠠᠯᠳᠠ ᠬᠦᠴᠦᠨ ᠨᠢ ᠳᠡᠯᠡᠬᠡᠢ ᠶᠢᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠬᠠᠷᠢᠯᠴᠠᠨ ᠠᠰᠢᠭᠲᠠᠢ ᠬᠠᠷᠢᠯᠴᠠᠨ ᠨᠥᠬᠦᠪᠦᠷᠢᠯᠡᠬᠦ ᠬᠠᠮᠲᠤᠷᠠᠯᠴᠠᠭᠠᠨ ᠤ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠢᠨ᠎ᠡ ᠡᠨᠧᠷᠭᠢ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠣᠶᠤᠨᠲᠤ ᠬᠤᠳᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠡᠭᠦᠳᠦᠨ᠎ᠡ᠃ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠨᠥᠬᠦᠷᠯᠡᠯ ᠤᠨ ᠤᠯᠠᠮᠵᠢᠯᠠᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ︽ᠣᠯᠢᠮᠫᠢᠺ ᠤᠨ ᠲᠠᠮᠢᠷ ᠤᠨ ᠴᠤᠭᠯᠠᠭᠠᠨ ᠤ ᠭᠦᠨ ᠵᠤᠵᠠᠭᠠᠨ ᠬᠠᠶᠢᠷ᠎ᠠ ᠰᠡᠳᠬᠢᠯᠭᠡ︾᠂ ︽ᠮᠠᠯᠤᠷ ᠦᠳᠡᠭᠡ ᠶᠢᠨ ᠬᠠᠶᠢᠷ᠎ᠠ ᠰᠡᠳᠬᠢᠯᠭᠡ︾ ᠶᠢ ᠰᠠᠶᠢᠲᠤᠷ ᠤᠯᠠᠮᠵᠢᠯᠠᠵᠤ᠂ ︽ᠪᠠᠶᠠᠰᠬᠤᠯᠠᠩᠲᠤ ᠴᠠᠭᠠᠨ ᠰᠠᠷ᠎ᠠ︾ ᠵᠡᠷᠭᠡ ᠰᠢᠨ᠎ᠡ ︽ᠠᠯᠳᠠᠨ ᠱᠣᠰᠢᠭ᠎ᠠ︾ ᠶᠢ ᠡᠭᠦᠳᠴᠦ᠂ ᠬᠠᠷᠢᠯᠴᠠᠨ ᠭᠠᠳᠠᠭᠠᠳᠤ ᠳᠤ ᠰᠤᠷᠤᠯᠴᠠᠬᠤ ᠰᠤᠷᠤᠬᠴᠢ ᠲᠣᠮᠢᠯᠠᠬᠤ ᠬᠡᠪᠴᠢᠶ᠎ᠡ ᠪᠠᠨ ᠥᠷᠭᠡᠳᠬᠡᠵᠦ᠂ ᠨᠡᠩ ᠤᠯᠠᠨ ᠵᠠᠯᠠᠭᠤᠴᠤᠳ ᠢ ᠳᠤᠮᠳᠠᠳᠤ ᠢᠰᠫᠠᠨᠢ ᠶᠢᠨ ᠨᠥᠬᠦᠷᠯᠡᠯ ᠤᠨ ᠰᠢᠨ᠎ᠡ ᠬᠦᠴᠦᠨ ᠪᠣᠯᠭᠠᠶ᠎ᠠ᠃ ᠳᠤᠮᠳᠠᠳᠤ ᠢᠰᠫᠠᠨᠢ ᠪᠣᠯ ᠴᠥᠮ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠬᠠᠮᠲᠤᠷᠠᠯᠴᠠᠭ᠎ᠠ ᠶᠢ ᠳᠡᠮᠵᠢᠬᠦ ᠢᠳᠡᠪᠬᠢ ᠬᠦᠴᠦᠨ ᠮᠥᠨ᠂ ᠬᠤᠶᠠᠷ ᠲᠠᠯ᠎ᠠ ᠪᠠᠷ ᠢᠶᠠᠨ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠵᠤ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠶ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢ ᠤᠯᠠᠨ ᠲᠦᠢᠯᠵᠢᠯᠲᠡ ᠶᠢᠨ ᠳᠡᠯᠡᠬᠡᠢ ᠶᠢᠨ ᠴᠢᠬᠤᠯᠠ ᠨᠢᠭᠡ ᠲᠦᠢᠯ ᠢᠶᠠᠷ ᠦᠵᠡᠵᠦ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠨ ᠬᠥᠭᠵᠢᠨ ᠪᠤᠵᠠᠭᠠᠶᠢᠷᠠᠬᠤ ᠶᠢ ᠢᠯᠠ ᠲᠣᠳᠣᠷᠬᠠᠢ ᠪᠠᠷ ᠳᠡᠮᠵᠢᠬᠦ ᠭᠤᠣᠯ ᠪᠤᠯᠬᠤ ᠲᠣᠮᠣ ᠤᠯᠤᠰ ᠪᠣᠯᠣᠨ᠎ᠠ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠡᠸᠦ᠋ᠷᠦᠫᠡ ᠶᠢᠨ ᠡᠩᠬᠡ ᠲᠠᠶᠢᠪᠤᠩ᠂ ᠨᠡᠮᠡᠭᠳᠡᠯ᠂ ᠥᠭᠡᠷᠡᠴᠢᠯᠡᠯᠲᠡ᠂ ᠪᠣᠯᠪᠠᠰᠤᠨ ᠵᠡᠷᠭᠡ ᠳᠦᠷᠪᠡᠨ ᠶᠡᠭᠡ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠪᠠᠶᠢᠭᠤᠯᠬᠤ ᠨᠢ ᠴᠢᠬᠤᠯᠠ ᠠᠬᠤᠶᠢᠴᠢ ᠠᠴᠢ ᠬᠤᠯᠪᠣᠭᠳᠠᠯ ᠲᠠᠢ ᠶᠤᠮ᠃ ᠳᠤᠮᠳᠠᠳᠤ ᠡᠸᠦ᠋ᠷᠦᠫᠡ ᠬᠠᠨᠢᠲᠠᠨ ᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠢ ᠪᠡᠯᠭᠡᠯᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ᠂ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠪᠣᠯᠣᠨ ᠬᠠᠷᠢᠯᠴᠠᠨ ᠠᠮᠵᠢᠯᠲᠠ ᠣᠯᠬᠤ ᠶᠢ ᠳᠡᠮᠵᠢᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠪᠣᠯᠣᠨ ᠳᠡᠯᠡᠬᠡᠢ ᠨᠡᠶᠢᠭᠡᠮ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠬᠢᠬᠦ ᠳᠤ ᠢᠯᠠᠭᠴᠢ ᠪᠠᠶᠢᠳᠠᠭ ᠦᠭᠡᠢ᠂ ᠳᠡᠯᠡᠬᠡᠢ ᠳ᠋ᠠᠬᠢᠨ ᠲᠠᠢ ᠡᠰᠡᠷᠭᠦᠴᠡᠯᠳᠦᠪᠡᠯ ᠥᠪᠡᠷ ᠢ ᠪᠠᠨ ᠭᠠᠭᠴᠠᠭᠠᠷᠳᠠᠭᠤᠯᠬᠤ ᠪᠣᠯᠣᠨ᠎ᠠ᠃ 70 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠤᠨ ᠬᠥᠭᠵᠢᠯᠲᠡ ᠢᠮᠠᠭᠲᠠ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠳᠤ ᠲᠦᠰᠢᠭᠯᠡᠵᠦ᠂ ᠶᠡᠷᠦ ᠠᠴᠠ ᠬᠡᠨ ᠨᠢᠭᠡᠨ ᠤ ᠬᠢᠨᠢ ᠥᠷᠥᠰᠢᠶᠡᠯ ᠰᠣᠶᠣᠷᠬᠠᠯ ᠳᠤ ᠲᠦᠰᠢᠭᠯᠡᠭᠰᠡᠨ ᠪᠢᠰᠢ᠂ ᠨᠡᠩ ᠴᠤ ᠶᠠᠮᠠᠷᠪᠠ ᠶᠣᠰᠣ ᠪᠤᠰᠤ ᠳᠠᠷᠤᠯᠲᠠ ᠶᠢᠨ ᠡᠮᠦᠨ᠎ᠡ ᠰᠦᠷᠳᠡᠭᠰᠡᠨ ᠦᠭᠡᠢ ᠶᠤᠮ᠃      ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠨ᠎ᠡ᠃ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯ ᠴᠥᠮ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠮᠥᠨ᠂ ᠴᠥᠮ ᠠᠵᠤ ᠠᠬᠤᠢ ᠶᠢᠨ ᠳᠡᠯᠡᠬᠡᠶᠢᠵᠢᠯᠲᠡ ᠪᠣᠯᠣᠨ ᠴᠢᠯᠦᠭᠡᠲᠦ ᠠᠷᠠᠯᠵᠢᠶᠠᠨ ᠤ ᠡᠷᠡᠰ ᠳᠡᠮᠵᠢᠭᠴᠢ ᠮᠥᠨ᠂ ᠬᠤᠶᠠᠷ ᠲᠠᠯ᠎ᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠭᠤᠷᠪᠠᠨ ᠤ ᠨᠢᠭᠡ ᠶᠢ ᠳᠠᠪᠠᠵᠤ᠂ ᠨᠢᠭᠡᠨᠲᠡ ᠠᠵᠤ ᠠᠬᠤᠢ ᠶᠢᠨ ᠬᠠᠮᠲᠤ ᠣᠷᠣᠰᠢᠬᠤ ᠨᠢᠭᠲᠠ ᠬᠠᠷᠢᠯᠴᠠᠭ᠎ᠠ ᠶᠢ ᠪᠦᠷᠢᠯᠳᠦᠭᠦᠯᠪᠡ᠃ ᠳᠤᠮᠳᠠᠳᠤ ᠡᠸᠦ᠋ᠷᠦᠫᠡ ᠤᠯᠠᠨ ᠤᠯᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠤᠷᠤᠰᠬᠠᠯ ᠪᠣᠯᠣᠨ ᠤᠯᠠᠨ ᠤᠯᠤᠰ ᠤᠨ ᠠᠷᠠᠯᠵᠢᠶᠠᠨ ᠤ ᠣᠷᠴᠢᠨ ᠢ ᠬᠠᠮᠲᠤ ᠪᠠᠷ ᠬᠠᠮᠠᠭᠠᠯᠠᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠥᠪᠡᠷ ᠤᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠪᠠᠷ ᠪᠠᠷᠠᠬᠤ ᠦᠭᠡᠢ ᠪᠠᠰᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠤᠯᠠᠨ ᠤᠯᠤᠰ ᠤᠨ ᠳᠦᠷᠢᠮ ᠪᠣᠯᠣᠨ ᠡᠮᠬᠢ ᠳᠢᠭᠯᠢᠮ ᠢ ᠬᠠᠮᠠᠭᠠᠯᠠᠪᠠᠯ ᠵᠣᠬᠢᠨ᠎ᠠ ᠭᠡᠵᠦ ᠴᠢᠬᠤᠯᠠᠴᠢᠯᠠᠪᠠ᠃      ᠰᠠᠩᠴᠢᠶᠧᠰ᠂ ᠢᠰᠫᠠᠨᠢ ᠪᠣᠯᠣᠨ ᠳᠤᠮᠳᠠᠳᠤ ᠤᠯᠤᠰ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠲᠤᠷᠰᠢ᠂ ᠢᠮᠠᠭᠲᠠ ᠬᠠᠷᠢᠯᠴᠠᠨ ᠭᠦᠨᠳᠦᠳᠭᠡᠵᠦ᠂ ᠨᠥᠭᠦᠷᠰᠡᠭ ᠢᠶᠠᠷ ᠬᠠᠮᠲᠤᠷᠠᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠨ ᠬᠥᠭᠵᠢᠪᠡ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ ᠭᠠᠷᠮᠠᠭᠠᠢ ᠠᠮᠵᠢᠯᠲᠠ ᠣᠯᠵᠤ᠂ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠢᠰᠫᠠᠨᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠤᠨ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠳᠤᠮᠳᠠᠳᠤ ᠤᠯᠤᠰ ᠪᠣᠯ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠂ ᠢᠰᠫᠠᠨᠢ ᠢᠮᠠᠭᠲᠠ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠳᠡᠮᠵᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠨᠡᠭᠡᠭᠡᠯᠲᠡᠲᠤ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠬᠠᠮᠠᠭᠠᠯᠠᠬᠤ ᠪᠠᠷ ᠴᠢᠷᠮᠠᠶᠢᠵᠤ᠂ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠶᠢ ᠡᠰᠡᠷᠭᠦᠴᠡᠨ᠎ᠡ᠃ ᠠᠷᠠᠯᠵᠢᠶᠠᠨ ᠤ ᠳᠠᠶᠢᠨ ᠳᠤ ᠢᠯᠠᠭᠴᠢ ᠭᠡᠵᠦ ᠪᠠᠶᠢᠳᠠᠭ ᠦᠭᠡᠢ᠃ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠢᠰᠫᠠᠨᠢ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ᠂ ᠶᠠᠳᠠᠭᠤ ᠬᠦᠴᠢᠷᠳᠡᠯ ᠵᠡᠷᠭᠡ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃      ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃      ᠸᠠᠩ ᠢ ᠠᠭᠤᠯᠵᠠᠯᠲᠠ ᠳᠤ ᠣᠷᠣᠯᠴᠠᠵᠠᠢ᠃      ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号