ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ | ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠡᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠲᠨᠡᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ | ᠬᠢᠪᠡ᠃ | ᠰᠢ ᠶᠢᠨ ᠫᠢᠩ᠂ ᠸᠢᠶᠧᠲᠨᠡᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠶᠡᠷᠦᠩᠬᠡᠢ ᠱᠦᠵᠢ ᠰᠦ᠋ | ᠯᠢᠨ ᠲᠠᠢ ᠠᠩᠬᠠᠨ ᠤ ᠡᠭᠡᠯᠵᠢ ᠶᠢᠨ ᠬᠠᠷᠢᠯᠴᠠᠨ ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ | ᠡᠨᠡ ᠵᠢᠯ ᠪᠣᠯ ᠸᠢᠶᠧᠲᠨᠡᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ᠂ ᠸᠢᠶᠧᠲᠨᠡᠮ ᠤᠨ ᠤᠯᠤᠰ | ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠲᠨᠡᠮ ᠴᠢᠯᠦᠭᠡᠯᠡᠭᠳᠡᠭᠰᠡᠨ 50 ᠵᠢᠯ ᠤᠨ ᠤᠢ ᠪᠣᠯᠣᠨ᠎ᠠ᠂ | ᠪᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ | ᠸᠢᠶᠧᠲᠨᠡᠮ ᠤᠨ ᠲᠠᠯ᠎ᠠ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ | ᠠᠳᠠᠯᠢ ᠪᠠᠷ ᠸᠢᠶᠧᠲᠨᠡᠮ ᠤᠨ ᠬᠢᠨ ᠤ ᠲᠣᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ | ᠵᠠᠮ ᠢᠶᠠᠷ ᠰᠠᠶᠢᠲᠤᠷ ᠵᠠᠮᠨᠠᠵᠤ᠂ 2026 ᠣᠨ ᠳᠤ ᠸᠢᠶᠧᠲᠨᠡᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ | ᠬᠤᠷᠠᠯ ᠢᠶᠠᠨ ᠢᠯᠠᠯᠲᠠ ᠲᠠᠢ ᠬᠤᠷᠠᠯᠳᠤᠭᠤᠯᠵᠤ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ | ᠵᠢᠯ︾ ᠤᠨ ᠲᠡᠮᠡᠴᠡᠬᠦ ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ᠃ | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠡᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠡᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ | ᠯᠢᠨ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠲᠨᠡᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠵᠢᠴᠢ ︽ᠳᠤᠮᠳᠠᠳᠤ ᠸᠢᠶᠧᠲᠨᠡᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠃ 75 | ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠲᠠᠯ᠎ᠠ ᠪᠠᠷ ᠢᠶᠠᠨ ᠤᠯᠤᠰ ᠤᠨ ᠲᠤᠰᠠᠭᠠᠷ | ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ ᠲᠡᠮᠵᠢᠵᠤ᠂ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ | ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ | ᠵᠢᠷᠤᠮᠲᠤ ᠤᠯᠤᠰ ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠪᠣᠯᠪᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ | ᠪᠠᠶᠢᠳᠠᠯ ᠤᠨ ᠡᠮᠦᠨ᠎ᠡ ᠳᠤᠮᠳᠠᠳᠤ ᠸᠢᠶᠧᠲᠨᠡᠮ ᠬᠤᠶᠠᠷ ᠤᠯᠤᠰ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ᠂ | ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ | ᠲᠣᠬᠲᠠᠭᠠᠯᠲᠤ ᠴᠢᠨᠠᠷ ᠢ ᠨᠡᠮᠡᠷᠢᠯᠡᠪᠡ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠤᠶᠠᠷ ᠲᠠᠯ᠎ᠠ ᠪᠠᠷ ᠢᠶᠠᠨ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ ︽ᠸᠢᠶᠧᠲᠨᠡᠮ | ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠶᠢᠨ ᠤᠯᠠᠮᠵᠢᠯᠠᠯᠲᠤ ᠨᠥᠬᠦᠷᠯᠡᠯ ᠢᠶᠠᠨ | ᠦᠷᠭᠦᠯᠵᠢᠯᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ | ᠪᠣᠳᠠᠲᠠᠢ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ᠂ | ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ | ᠰᠢᠢᠳᠪᠦᠷᠢᠯᠡᠬᠦ ᠪᠠᠷ ᠨᠡᠩ ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠣᠰᠣᠭᠠᠷ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠳᠤᠮᠳᠠᠳᠤ ᠸᠢᠶᠧᠲᠨᠡᠮ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠠᠭᠤᠭ᠎ᠠ ᠭᠠᠵᠠᠷ ᠲᠤ ᠸᠢᠶᠧᠲᠨᠡᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ | ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ | ᠸᠢᠶᠧᠲᠨᠡᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ | ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠸᠢᠶᠧᠲᠨᠡᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ | ᠴᠢᠬᠤᠯᠠ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠵᠤ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ ᠪᠠᠷ ᠣᠳᠣᠬᠢᠴᠢᠯᠠᠯᠲᠠ ᠲᠡᠶᠢᠰᠢ | ᠤᠷᠤᠭᠰᠢᠯᠠᠬᠤ ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠦᠴᠦᠲᠡᠢ ᠬᠠᠮᠠᠭᠠᠯᠠᠵᠤ᠂ | ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ᠬᠤᠶᠠᠷ ᠤᠯᠤᠰ ᠢᠶᠠᠷ ᠢᠶᠠᠨ ᠴᠥᠮ ᠭᠠᠳᠠᠭᠠᠳᠤ ᠨᠡᠭᠡᠭᠡᠯᠲᠡ ᠬᠢᠬᠦ ᠶᠢ | ᠪᠠᠷᠢᠮᠲᠠᠯᠠᠵᠤ᠂ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ | ᠦᠭᠡᠢ ᠨᠡᠪᠲᠡᠷᠡᠬᠦ ᠶᠢ ᠬᠠᠮᠠᠭᠠᠯᠠᠬᠤ᠂ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ | ᠦᠵᠡᠭᠦᠯᠪᠡ᠃ ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠢ ᠳᠠᠭᠠᠭᠠᠵᠤ ᠳᠡᠶᠢᠯᠭᠦ | ᠦᠭᠡᠢ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ | ᠳᠤᠮᠳᠠᠳᠤ ᠤᠯᠤᠰ ᠪᠣᠯᠣᠨ ᠸᠢᠶᠧᠲᠨᠡᠮ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ᠂ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ | ᠬᠠᠮᠲᠤ ᠪᠠᠷ ᠡᠰᠡᠷᠭᠦᠴᠡᠵᠦ᠂ ᠪᠦᠬᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠸᠢᠶᠧᠲᠨᠡᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠲᠤᠬᠠᠢ ᠵᠢᠷᠭᠤᠭᠠᠨ ᠠᠷᠭ᠎ᠠ ᠬᠡᠮᠵᠢᠶ᠎ᠡ ᠳᠤᠷᠠᠳᠪᠠ᠃ | ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ ᠠᠳᠠᠯᠢ ᠪᠠᠷ | ᠦᠷᠭᠦᠯᠵᠢ ᠶᠠᠪᠤᠯᠴᠠᠵᠤ᠂ ᠢᠯᠡᠭᠦᠬᠡᠨ ᠣᠯᠣᠯᠴᠠᠶ᠎ᠠ᠃ ᠬᠤᠶᠠᠷ ᠲᠠᠯ᠎ᠠ ᠪᠠᠷ ᠢᠶᠠᠨ ᠨᠠᠮ ᠤᠨ ᠬᠤᠭᠤᠷᠣᠨᠳᠦᠭᠢ᠂ ᠬᠠᠤᠯᠢ | ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠡᠷᠭᠡ ᠵᠠᠮ ᠰᠤᠪᠠᠭ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠤᠯᠤᠰ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ | ᠳᠡᠭᠡᠭᠰᠢᠯᠡᠭᠦᠯᠦᠶ᠎ᠡ᠃ | ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ᠃ ᠬᠤᠶᠠᠷ ᠤᠯᠤᠰ ᠤᠨ | ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3+3︾ ᠶᠢᠨ | ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ ᠲᠡᠰ ᠢᠶᠠᠷ ᠲᠣᠭᠲᠠᠭᠠᠵᠤ᠂ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠨᠡᠮᠡᠭᠳᠡᠭᠦᠯᠦᠶ᠎ᠡ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ ᠠᠮᠤᠷ | ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠣᠭᠤᠰ | ᠮᠥᠷᠦ᠋ᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠡᠷᠡᠰ | ᠴᠣᠬᠢᠯᠲᠠ ᠥᠭᠴᠦ᠂ ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ | ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯᠴᠠᠭ᠎ᠠ ᠶᠢ | ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠤᠷ | ᠲᠦᠪᠰᠢᠨ ᠲᠣᠭᠲᠠᠭᠤᠨ ᠢ ᠬᠠᠮᠠᠭᠠᠯᠠᠶ᠎ᠠ᠃ | ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠳᠤᠮᠳᠠᠳᠤ | ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠣᠨ ᠸᠢᠶᠧᠲᠨᠡᠮ ᠤᠨ ᠰᠢᠨ᠎ᠡ ᠭᠡᠯᠪᠡᠷᠢ ᠶᠢᠨ | ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ ᠲᠣᠭᠢᠶᠠᠯ ᠢ ᠡᠵᠡᠮᠳᠡᠵᠦ᠂ ᠬᠤᠶᠠᠷ | ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ᠃ | ᠬᠤᠶᠠᠷ ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ᠂ ᠲᠦᠷᠭᠡᠨ ᠤ ᠵᠠᠰᠠᠮᠠᠯ ᠵᠠᠮ᠂ ᠣᠶᠤᠨᠲᠤ ᠬᠢᠯᠢ ᠶᠢᠨ ᠪᠣᠭᠤᠮᠲᠠ ᠶᠢ | ᠪᠦᠬᠦ ᠲᠠᠯ᠎ᠠ ᠪᠠᠷ ᠬᠤᠯᠪᠣᠨ ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠦᠶ᠎ᠡ᠃ ᠵᠣᠬᠢᠶᠠᠮᠠᠯ ᠤᠶᠤᠨ ᠴᠢᠳᠠᠪᠤᠷᠢ᠂ ᠪᠠᠷᠠᠭᠠᠨ ᠤ | ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠳᠤᠮᠳᠠᠳᠤ ᠤᠯᠤᠰ ᠤᠨ ᠭᠡᠳᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠲᠨᠡᠮ ᠳᠤ ᠨᠡᠭᠡᠭᠡᠯᠲᠡ ᠬᠢᠵᠦ᠂ ᠸᠢᠶᠧᠲᠨᠡᠮ ᠤᠨ ᠨᠡᠩ ᠤᠯᠠᠨ ᠰᠢᠯᠢᠳᠡᠭ | ᠦᠢᠯᠡᠳᠬᠦᠨ ᠢ ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ | ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠢᠶᠧᠲᠨᠡᠮ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ | ᠸᠢᠶᠧᠲᠨᠡᠮ ᠤᠨ ᠲᠠᠯ᠎ᠠ ᠶᠢᠨ ᠬᠢᠨ ᠨᠡᠩ ᠡᠷᠬᠡ ᠲᠡᠭᠰᠢ ᠨᠥᠭᠦᠷᠰᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ | ᠪᠤᠯᠭᠠᠬᠤ ᠶᠢ ᠬᠦᠰᠡᠵᠦ ᠪᠠᠶᠢᠨ᠎ᠠ᠃ | ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ᠃ ᠡᠨᠡ | ᠵᠢᠯ ᠤᠨ ︽ᠳᠤᠮᠳᠠᠳᠤ ᠸᠢᠶᠧᠲᠨᠡᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠠᠵᠠ ᠲᠣᠭᠢᠶᠠᠯ ᠪᠤᠯᠭᠠᠵᠤ᠂ | ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠣᠯᠣᠭᠰᠠᠨ ᠨᠡᠩ ᠤᠯᠠᠨ ᠨᠥᠭᠦᠷᠰᠡᠭ ᠠᠵᠢᠯᠯᠠᠭ᠎ᠠ ᠶᠢ | ᠡᠷᠭᠢᠯᠡᠵᠦ᠂ ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ | ᠴᠢᠩᠭᠠᠳᠬᠠᠶ᠎ᠠ᠃ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠤᠨ᠂ ᠨᠥᠭᠦᠷᠰᠡᠭ | ᠦᠯᠢᠭᠡᠷ ᠢ ᠰᠠᠶᠢᠲᠤᠷ ᠶᠠᠷᠢᠵᠤ᠂ ᠬᠤᠶᠢᠰᠢᠳᠠ ᠶᠢᠨ 3 ᠵᠢᠯ ᠳᠤ ᠸᠢᠶᠧᠲᠨᠡᠮ ᠤᠨ ᠵᠠᠯᠠᠭᠤᠴᠤᠳ ᠢ ᠤᠷᠢᠵᠤ ᠳᠤᠮᠳᠠᠳᠤ | ᠤᠯᠤᠰ ᠲᠤ ᠣᠴᠢᠭᠤᠯᠤᠨ ︽ᠬᠤᠪᠢᠰᠬᠠᠯ ᠤᠨ ᠰᠤᠳᠤᠯᠭᠠᠨ ᠤ ᠠᠶᠠᠯᠠᠯ︾ ᠢ ᠥᠷᠨᠢᠭᠦᠯᠵᠦ᠂ ᠬᠤᠶᠠᠷ ᠤᠯᠤᠰ ᠤᠨ ᠠᠷᠠᠳ | ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠳᠤ ᠬᠤᠪᠢᠰᠬᠠᠯ ᠤᠨ ᠲᠦᠷᠦ ᠭᠦᠷᠦᠨ ᠢ ᠭᠢᠯᠪᠠᠷ ᠪᠤᠰᠤ ᠪᠠᠷ ᠣᠯᠵᠤ | ᠢᠷᠡᠭᠰᠡᠨ᠂ ᠬᠤᠶᠠᠷ ᠤᠯᠤᠰ ᠤᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ | ᠣᠶᠢᠯᠠᠭᠠᠭᠤᠯᠵᠤ᠂ ᠳᠤᠮᠳᠠᠳᠤ ᠸᠢᠶᠧᠲᠨᠡᠮ ᠤᠨ ᠬᠠᠷᠢᠯᠴᠠᠭᠠᠨ ᠤ ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ | ᠪᠦᠲᠦᠭᠡᠨ ᠪᠠᠶᠢᠭᠤᠯᠤᠯᠲᠠ ᠳᠤ ᠨᠡᠩ ᠤᠯᠠᠨ ᠵᠠᠯᠠᠭᠤ ᠬᠦᠴᠦᠨ ᠢ ᠬᠥᠮᠥᠵᠢᠭᠦᠯᠵᠦ ᠥᠭᠭᠦᠶ᠎ᠡ᠃ | ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ᠃ ᠳᠡᠯᠡᠬᠡᠢ ᠶᠢᠨ ᠬᠤᠶᠠᠳᠤᠭᠠᠷ ᠶᠡᠭᠡ | ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ | ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠪᠦᠳᠦᠭᠦᠪᠴᠢ ᠵᠥᠪᠯᠡᠯᠴᠡᠭᠡᠷ ᠤᠨ ᠳᠣᠲᠣᠷᠠᠬᠢ | ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ | ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ | ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ | ᠵᠡᠷᠭᠡᠯᠡᠳᠡᠭᠡ ᠳᠡᠭᠡᠨ ᠨᠡᠩ ᠢᠯᠡᠭᠦᠦ ᠬᠦᠷᠲᠡᠭᠡᠨ᠎ᠡ᠃ | ᠵᠢᠷᠭᠤᠭ᠎ᠠ ᠳᠤ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ᠃ ᠬᠤᠶᠠᠷ ᠤᠯᠤᠰ ᠤᠨ | ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ | ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤ ᠪᠠᠷ ᠨᠡᠭᠡᠭᠡᠨ | ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢ | ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ᠃ | ᠰᠦ᠋ ᠯᠢᠨ ᠠᠴᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢᠨ ᠲᠠᠰᠢᠷᠠᠮ ᠢᠶᠠᠷ ᠸᠢᠶᠧᠲᠨᠡᠮ ᠳᠤ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ᠃ ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠪᠣᠯ | ᠳᠤᠮᠳᠠᠳᠤ ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ᠂ ᠪᠠᠰᠠ ᠴᠤ ᠸᠢᠶᠧᠲᠨᠡᠮ ᠤᠨ ᠠᠷᠠᠳ | ᠲᠦᠮᠡᠨ ᠤ ᠠᠭᠤᠤ ᠶᠡᠭᠡ ᠨᠠᠶᠢᠵᠠ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠠᠩᠬᠠᠳᠠᠭᠴᠢ ᠭᠠᠳᠠᠭᠠᠳᠤ | ᠤᠯᠤᠰ ᠲᠠᠬᠢ ᠠᠶᠢᠯᠴᠢᠯᠠᠯᠲᠠ ᠳᠠᠭᠠᠨ ᠸᠢᠶᠧᠲᠨᠡᠮ ᠳᠤ ᠢᠷᠡᠭᠰᠡᠨ ᠨᠢ ᠸᠢᠶᠧᠲᠨᠡᠮ ᠳᠤᠮᠳᠠᠳᠤ ᠶᠢᠨ ᠬᠠᠷᠢᠯᠴᠠᠭ᠎ᠠ ᠶᠢ | ᠴᠢᠬᠤᠯᠠᠴᠢᠯᠠᠨ ᠦᠵᠡᠵᠦ ᠪᠠᠶᠢᠬᠤ ᠪᠠ ᠸᠢᠶᠧᠲᠨᠡᠮ ᠢ ᠲᠡᠮᠵᠢᠵᠥ ᠪᠠᠶᠢᠬᠤ ᠶᠢ ᠭᠦᠢᠴᠡᠳ ᠢᠯᠡᠷᠡᠭᠦᠯᠪᠡ᠃ ᠲᠤᠰ ᠤᠳᠠᠭ᠎ᠠ ᠶᠢᠨ | ᠠᠶᠢᠯᠴᠢᠯᠠᠯᠲᠠ ᠨᠢ ᠯᠠᠪᠲᠠᠢ ᠬᠤᠶᠠᠷ ᠨᠠᠮ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠶᠢᠨ ᠲᠡᠦᠬᠡᠨ ᠳᠡᠭᠡᠷᠡᠬᠢ ᠰᠢᠨ᠎ᠡ | ᠬᠥᠰᠢᠶ᠎ᠡ ᠲᠡᠮᠳᠡᠭ ᠪᠣᠯᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ | ᠢᠯᠡᠳᠬᠡᠪᠡ᠃ | ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ | ᠲᠦᠷᠭᠡᠨ ᠬᠥᠭᠵᠢᠵᠦ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠰᠤᠷᠠᠯᠲᠠ ᠦᠭᠡᠢ ᠳᠡᠭᠡᠭᠰᠢᠯᠡᠪᠡ᠂ | ᠸᠢᠶᠧᠲᠨᠡᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠣᠷᠳᠣ | ᠬᠤᠭᠤᠴᠠᠭᠠᠨ ᠤ ᠲᠤᠷᠰᠢ ᠸᠢᠶᠧᠲᠨᠡᠮ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ | ᠪᠠᠶᠢᠨ᠎ᠠ ᠭᠡᠵᠦ ᠢᠯᠡᠳᠬᠡᠪᠡ᠃ | ᠰᠦ᠋ ᠯᠢᠨ᠂ ᠸᠢᠶᠧᠲᠨᠡᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ | ᠵᠢᠷᠤᠮᠲᠤ ᠤᠯᠤᠰ ᠪᠣᠯᠣᠨ᠎ᠠ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠲᠨᠡᠮ ᠤᠨ | ᠪᠤᠰᠤᠳᠴᠢ ᠱᠠᠭᠠᠷᠳᠠᠯᠭ᠎ᠠ ᠮᠥᠨ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ | ᠮᠥᠨ᠃ ᠸᠢᠶᠧᠲᠨᠡᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠠᠮᠠᠷᠪᠠ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠃ ᠸᠢᠶᠧᠲᠨᠡᠮ ᠳᠤᠮᠳᠠᠳᠤ ᠶᠢᠨ | ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ | ᠠᠰᠢᠭ ᠲᠤᠰᠠ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ᠃ ᠸᠢᠶᠧᠳ᠋ᠨᠠᠮᠸᠢᠶᠧᠲᠨᠡᠮ ᠤᠨ ᠬᠢᠨ | ᠳᠤᠮᠳᠠᠳᠤ ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ | ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ | ᠪᠠᠲᠤᠳᠬᠠᠬᠤ︔ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠠᠷᠠᠯᠵᠢᠶ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠬᠦᠷᠢᠶᠡᠨ ᠳᠠᠬᠢ ᠬᠠᠮᠲᠤᠷᠠᠯᠴᠠᠭᠠᠨ ᠤ ᠨᠡᠩ ᠤᠯᠠᠨ ᠭᠢᠯᠠᠰ ᠴᠡᠭ ᠢ ᠪᠤᠢ ᠪᠤᠯᠭᠠᠬᠤ︔ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠠᠬᠢᠭᠤᠯᠵᠤ᠂ ᠣᠷᠣᠨ ᠨᠤᠲᠤᠭ᠂ ᠵᠠᠯᠠᠭᠤᠴᠤᠳ ᠤᠨ ᠶᠠᠪᠤᠯᠴᠠᠭ᠎ᠠ ᠶᠢ ᠠᠬᠢᠭᠤᠯᠵᠤ᠂ ᠵᠢᠭᠤᠯᠴᠢᠯᠠᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ | ᠠᠬᠢᠭᠤᠯᠬᠤ ᠶᠢ ᠬᠦᠰᠡᠵᠦ ᠪᠠᠶᠢᠨ᠎ᠠ᠃ ᠸᠢᠶᠧᠲᠨᠡᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠬᠦ | ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠠᠴᠠ ᠬᠥᠷᠰᠢ ᠵᠡᠷᠭᠡᠯᠡᠳᠡᠭᠡ ᠤᠯᠤᠰ ᠯᠤᠭ᠎ᠠ ︽ᠲᠠᠪᠤᠨ ᠶᠡᠭᠡ ᠭᠡᠷ ᠣᠷᠣᠨ︾ | ᠢ ᠪᠦᠲᠦᠭᠡᠨ ᠪᠠᠶᠢᠭᠤᠯᠬᠤ ᠠᠯᠤᠰ ᠤᠨ ᠲᠥᠰᠥᠪ ᠪᠠ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ | ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ ᠪᠠᠷᠢᠮᠲᠠᠯᠠᠬᠤ ᠪᠠᠷ ᠲᠣᠭᠲᠠᠭᠰᠠᠨ ᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠵᠤ ᠪᠠᠶᠢᠨ᠎ᠠ᠃ ᠸᠢᠶᠧᠲᠨᠡᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠣᠯᠣᠨ | ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ | ᠲᠠᠪᠤᠨ ᠵᠠᠷᠴᠢᠮ ᠢ ᠪᠠᠲᠤ ᠰᠠᠬᠢᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠬᠠᠮᠠᠭᠠᠯᠠᠵᠤ᠂ ᠬᠤᠶᠠᠷ ᠲᠠᠯ᠎ᠠ ᠶᠢᠨ | ᠲᠣᠭᠲᠠᠭᠰᠠᠨ ᠬᠡᠯᠡᠯᠴᠡᠭᠡᠷ ᠢ ᠵᠢᠷᠤᠮᠯᠠᠵᠤ᠂ ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ | ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠸᠢᠶᠧᠲᠨᠡᠮ ᠤᠨ ᠬᠢᠨ ᠳᠤᠷᠠᠲᠠᠶ᠎ᠠ ᠳᠤᠮᠳᠠᠳᠤ | ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠲᠠᠯᠠᠢ ᠳᠡᠭᠡᠷᠡᠬᠢ ᠲᠣᠭᠲᠠᠭᠤᠨ ᠢ | ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ᠃ | ᠬᠤᠶᠠᠷ ᠨᠠᠮ ᠤᠨ ᠶᠡᠷᠦᠩᠬᠡᠢ ᠱᠦᠵᠢ ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ ᠰᠠᠨᠠᠯ ᠢᠶᠠᠨ | ᠰᠣᠯᠢᠯᠴᠠᠪᠠ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ | ᠬᠤᠯᠪᠣᠭᠳᠠᠵᠤ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ ᠡᠰᠡᠷᠭᠦᠴᠡᠬᠦ ᠲᠠᠢ ᠬᠤᠯᠪᠣᠭᠳᠠᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ ᠨᠠᠮ ᠢᠶᠠᠷ ᠢᠶᠠᠨ ᠲᠥᠪ ᠶᠢᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠬᠤ ᠪᠠᠷ ᠲᠣᠭᠲᠠᠪᠠ᠃ ᠬᠤᠶᠠᠷ ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ | ᠬᠠᠷᠢᠯᠴᠠᠨ ᠲᠣᠯᠢ ᠪᠤᠯᠭᠠᠬᠤ᠂ ᠨᠡᠶᠢᠭᠡᠮ ᠵᠢᠷᠤᠮ ᠤᠨ ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ | ᠵᠥᠪᠰᠢᠶᠡᠷᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠲᠨᠡᠮ ᠬᠤᠶᠠᠷ | ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ | ᠬᠠᠮᠲᠤ ᠪᠠᠷ ᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ᠂ ᠵᠣᠬᠢᠶᠠᠮᠠᠯ ᠤᠶᠤᠨ ᠴᠢᠳᠠᠪᠤᠷᠢ᠂ ᠪᠣᠭᠤᠮᠲᠠ ᠶᠢᠨ ᠰᠢᠯᠭᠠᠨ | ᠪᠠᠶᠢᠴᠠᠭᠠᠬᠤ ᠬᠢᠵᠢᠭ ᠢ ᠪᠠᠶᠢᠴᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ᠂ ᠰᠣᠶᠣᠯ ᠪᠠ ᠪᠡᠶ᠎ᠡ ᠶᠢᠨ ᠲᠠᠮᠢᠷ᠂ | ᠠᠷᠠᠳ ᠤᠨ ᠠᠮᠢᠳᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠵᠠᠭᠤᠴᠢᠯᠠᠭᠤᠷ ᠵᠡᠷᠭᠡ | ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠨᠡᠶᠢᠭᠡᠮ ᠵᠢᠷᠤᠮᠲᠤ ᠸᠢᠶᠧᠲᠨᠡᠮ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ | ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ᠂ ᠸᠢᠶᠧᠲᠨᠡᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠲᠨᠡᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠸᠢᠶᠧᠲᠨᠡᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ | ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ |