ᠠᠪᠠᠭ᠎ᠠ ᠬᠤᠰᠢᠭᠤ ᠨᠠᠮ ᠤᠨ ᠬᠤᠷᠢᠶᠠᠨ ᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/17
     4 ᠰᠠᠷ᠎ᠠ ᠶᠢᠨ 9 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠰᠢᠭᠤ ᠨᠠᠮ ᠤᠨ ᠬᠤᠷᠢᠶᠠᠨ ᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2025 ᠣᠨ ᠤ ᠮᠠᠨ ᠤ ᠬᠤᠰᠢᠭᠤᠨ ᠤ ︽ᠮᠠᠯ ᠠᠵᠤ ᠠᠬᠤᠢ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ 2024 ᠣᠨ ᠠᠴᠠ ᠨᠠᠰᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠮᠠᠯ ᠠᠵᠤ ᠠᠬᠤᠶ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠢᠳᠡᠪᠬᠢᠲᠡᠶ ᠠᠬᠢᠭᠤᠯᠵᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠶᠢᠨ ᠡᠭᠦᠯᠳᠡᠷ ᠰᠠᠶᠢᠵᠢᠷᠠᠯᠲᠠ ᠳᠡᠭᠡᠷ᠎ᠡ ᠬᠦᠴᠦ ᠲᠠᠯᠪᠢᠵᠤ᠂ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠥᠨᠳᠥᠷ ᠨᠡᠮᠡᠯᠲᠡ ᠦᠷᠳᠡᠭ ᠲᠠᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠮᠠᠯ ᠠᠵᠤ ᠠᠬᠤᠢ ᠶᠢᠨ ᠬᠦᠷᠢᠶᠡᠨ ᠤ ᠰᠢᠨᠵᠢᠯᠡᠬᠦ ᠮᠡᠷᠭᠡᠵᠢᠯ ᠤᠨ ᠰᠤᠳᠤᠯᠤᠨ ᠨᠡᠭᠡᠭᠡᠯᠲᠡ ᠪᠣᠯᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠰᠢᠨᠵᠢᠯᠡᠬᠦ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠪᠡ᠃      ᠬᠤᠷᠠᠯ ᠠᠴᠠ᠂ ᠨᠡᠶᠢᠲᠡᠯᠢᠭ ᠵᠢᠱᠢᠶ᠎ᠡ ᠪᠠᠷ ᠳᠠᠮᠵᠢᠭᠤᠯᠤᠨ ᠮᠠᠯᠴᠢᠳ ᠢ ᠬᠥᠲᠥᠯᠥᠨ ᠵᠢᠯᠣᠭᠤᠳᠴᠤ᠂ ᠰᠠᠨᠠᠭᠠᠴᠢᠯᠠᠭ᠎ᠠ ᠠᠴᠠ ᠪᠠᠨ ᠴᠥᠭᠡᠨ ᠲᠡᠵᠢᠭᠡᠵᠦ ᠨᠠᠷᠢᠯᠢᠭ ᠠᠷᠠᠴᠢᠯᠠᠨ᠂ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠪᠠᠷ ᠭᠤᠣᠯᠳᠠᠯᠭ᠎ᠠ ᠪᠣᠯᠭᠠᠭᠰᠠᠨ ᠠᠶᠢᠯ ᠤᠨ ᠠᠷᠢᠭᠤᠨ ᠴᠡᠪᠡᠷ ᠢ ᠪᠠᠲᠤᠯᠠᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠯᠴᠢᠳ ᠤᠨ ᠪᠡᠶᠡᠴᠢ ᠬᠠᠮᠠᠭᠠᠯᠠᠯᠲᠠ ᠶᠢᠨ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠵᠦ᠂ ᠮᠠᠯᠴᠢᠳ ᠤᠨ ᠣᠷᠴᠢᠨ ᠲᠣᠭᠤᠷᠢᠨ ᠢ ᠬᠠᠮᠠᠭᠠᠯᠠᠬᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠮᠤᠷ ᠳᠠᠶᠢᠪᠤᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠠᠬᠢᠵᠢᠭᠦᠯᠵᠦ᠂ ᠡᠷᠲᠡᠬᠡᠨ ᠭᠠᠷᠭᠠᠯᠲᠠ ᠬᠢᠬᠦ᠂ ᠤᠯᠠᠨ ᠢᠶᠠᠷ ᠭᠠᠷᠭᠠᠯᠲᠠ ᠬᠢᠬᠦ ᠶᠢ ᠢᠳᠡᠪᠬᠢᠲᠡᠢ ᠠᠬᠢᠭᠤᠯᠵᠤ᠂  ᠦᠷ᠎ᠡ ᠠᠰᠢᠭ ᠤᠨ ᠬᠤᠯᠪᠤᠭᠠᠯᠠᠭᠰᠠᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠮᠠᠯᠵᠢᠬᠤ ᠣᠷᠣᠨ ᠤ ᠠᠵᠤ ᠦᠢᠯᠡᠰ ᠤᠨ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠦᠷᠭᠡᠳᠬᠡᠨ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ︽ᠮᠠᠯ ᠠᠵᠤ ᠠᠬᠤᠶ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠢᠲᠡᠭᠡᠯ ᠵᠣᠷᠢᠭ ᠢᠶᠠᠨ ᠪᠠᠳᠤᠳᠬᠠᠨ᠂ ᠬᠦᠴᠢᠷ ᠢ ᠰᠥᠷᠦᠨ ᠤᠷᠤᠭᠰᠢᠯᠠᠵᠤ᠂ ᠦᠨᠡᠨ ᠢ ᠠᠳᠬᠤᠨ ᠪᠣᠳᠠᠲᠠᠶ ᠠᠵᠢᠯᠯᠠᠵᠤ᠂ ᠣᠷᠳᠣ ᠬᠤᠭᠤᠴᠠᠭ᠎ᠠ ᠪᠠᠷ ᠵᠢᠳᠭᠦᠯ ᠦᠵᠡᠭᠦᠯᠦᠨ ᠠᠵᠢᠯᠯᠠᠵᠤ᠂ ᠮᠠᠯ ᠠᠵᠤ ᠠᠬᠤᠶ ᠶᠢᠨ ᠰᠠᠭᠤᠷᠢ ᠶᠢ ᠨᠠᠩ ᠪᠠᠬᠢᠵᠢᠭᠦᠯᠬᠦ᠂ ᠮᠠᠯᠵᠢᠬᠤ ᠣᠷᠣᠨ ᠢ ᠨᠠᠩ ᠴᠡᠴᠡᠭᠯᠡᠭᠦᠯᠦᠨ ᠬᠥᠭᠵᠢᠭᠦᠯᠬᠦ᠂ ᠮᠠᠯᠴᠢᠳ ᠤᠨ ᠠᠮᠢᠳᠤᠷᠠᠯ ᠢ ᠨᠠᠩ ᠥᠭᠡᠳᠡ ᠡᠰᠡᠷᠡᠭ ᠪᠣᠯᠭᠠᠬᠤ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号