ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠲᠠᠶᠢᠴᠤᠳ ᠤᠨ ᠥᠪᠡᠷ ᠢ ᠪᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠭᠠᠯ ᠤᠨᠲᠠᠷᠠᠭᠠᠬᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 10 ᠤ ᠡᠳᠦᠷ᠂ | ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠠᠷᠠᠳ ᠤᠨ ᠶᠠᠪᠤᠳᠠᠯ ᠤᠨ | ᠲᠣᠪᠴᠢᠶ᠎ᠠ ᠲᠠᠢ ᠬᠠᠮᠲᠤᠷᠠᠨ ᠬᠠᠷᠢᠶᠠᠲᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ | ᠭᠦᠨᠵᠡᠭᠡᠶᠢᠷᠡᠨ᠂ ︽ᠲᠠᠶᠢᠯᠪᠦᠷᠢᠯᠠᠬᠤ᠂ ᠪᠠᠶᠢᠴᠠᠭᠠᠬᠤ᠂ ᠪᠣᠯᠪᠠᠰᠤᠷᠠᠭᠤᠯᠬᠤ︾ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠨᠠᠰᠤᠲᠠᠶᠢᠴᠤᠳ ᠪᠠ ᠠᠵᠢᠯᠲᠠᠳ ᠲᠤ ᠨᠢᠭᠡ ᠬᠤᠪᠢ ︽ᠠᠮᠤᠷ ᠲᠠᠶᠢᠪᠤᠩ ᠤᠨ ᠪᠡᠯᠡᠭ︾ | ᠬᠦᠷᠭᠡᠪᠡ᠃ | ᠠᠵᠢᠯᠯᠠᠭ᠎ᠠ ᠶᠢᠨ ᠳᠤᠮᠳᠠ᠂ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠲᠠᠨ ᠨᠠᠰᠤᠲᠠᠨ ᠢ ᠠᠰᠠᠷᠠᠬᠤ | ᠬᠦᠷᠢᠶᠡᠯᠡᠩ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠦᠭᠦᠮ ᠣᠶᠢᠯᠠᠭᠠᠮᠵᠢᠲᠠᠶ ᠶᠠᠷᠢᠶ᠎ᠠ ᠪᠠ ᠬᠡᠷᠡᠭ ᠤᠨ | ᠠᠮᠢᠳᠤᠯᠢᠭ ᠵᠢᠱᠢᠶ᠎ᠡ ᠪᠠᠷ ᠨᠠᠰᠤᠲᠠᠶᠢᠴᠤᠳ ᠵᠢᠴᠢ ᠠᠵᠢᠯᠲᠠᠨ ᠳᠤ ᠭᠠᠯ ᠤᠨ ᠠᠶᠤᠯ ᠢ ᠰᠡᠷᠭᠡᠶᠢᠯᠡᠬᠦ᠂ ᠭᠠᠯ | ᠤᠨᠲᠠᠷᠠᠭᠠᠬᠤ᠂ ᠬᠦᠮᠦᠰ ᠢᠶᠠᠨ ᠲᠠᠷᠬᠠᠭᠠᠬᠤ ᠵᠡᠷᠭᠡ ᠮᠡᠳᠡᠯᠭᠡ ᠶᠢ ᠲᠠᠶᠢᠯᠪᠤᠷᠢᠯᠠᠭᠰᠠᠨ ᠪᠥᠭᠡᠳ ᠨᠠᠰᠤᠲᠠᠶᠢᠴᠤᠳ ᠤᠨ | ᠬᠥᠳᠡᠯᠵᠦ ᠪᠠᠷᠢᠬᠤ ᠳᠤ ᠳᠥᠭᠦᠮ ᠦᠭᠡᠢ᠂ ᠲᠤᠰᠬᠠᠯ ᠨᠡᠯᠢᠶᠡᠳ ᠤᠳᠠᠭᠠᠨ ᠪᠠᠶᠢᠬᠤ ᠣᠨᠴᠠᠯᠢᠭ ᠲᠤ ᠴᠢᠭᠯᠡᠭᠦᠯᠦᠨ᠂ | ᠳᠠᠭᠤᠳᠠᠯᠲᠠ ᠶᠢᠨ ᠲᠥᠬᠦᠭᠡᠷᠦᠮᠵᠢ ᠶᠢ ᠬᠡᠷᠬᠢᠨ ᠵᠥᠪ ᠬᠡᠷᠡᠭᠯᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠬᠢᠨ | ᠠᠰᠢᠭᠯᠠᠨ ᠠᠮᠢ ᠵᠢᠭᠤᠲᠠᠬᠤ ᠵᠡᠷᠭᠡ ᠬᠡᠷᠡᠭᠯᠡᠭᠡᠨ ᠤ ᠤᠷ᠎ᠠ ᠴᠢᠳᠠᠪᠤᠷᠢ ᠶᠢ ᠭᠤᠤᠯᠳᠠᠯᠭ᠎ᠠ ᠲᠠᠢ ᠲᠦᠭᠡᠮᠡᠯᠵᠢᠭᠦᠯᠪᠡ᠃ | ᠠᠵᠢᠯᠲᠠᠳ ᠠᠴᠠ ᠨᠠᠰᠤᠲᠠᠨ ᠢ ᠠᠰᠠᠷᠠᠬᠤ ᠬᠦᠷᠢᠶᠡᠯᠡᠩ ᠤᠨ ᠭᠠᠯ ᠤᠨᠲᠠᠷᠠᠭᠠᠬᠤ ᠲᠥᠬᠦᠭᠡᠷᠦᠮᠵᠢ᠂ ᠠᠮᠤᠷ | ᠲᠦᠪᠰᠢᠨ ᠤ ᠭᠠᠷᠬᠤ ᠡᠭᠦᠳᠡ᠂ ᠴᠠᠬᠢᠯᠭᠠᠨ ᠤ ᠱᠤᠭᠤᠮ ᠵᠡᠷᠭᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ | ᠣᠳᠤᠭᠠᠨ ᠤ ᠲᠦᠭᠰᠢᠭᠦᠷᠢ ᠮᠡᠳᠡᠭᠡᠯᠡᠬᠦ ᠲᠤᠨᠤᠭ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠬᠦ ᠳ᠋ᠧᠩ ᠵᠡᠷᠭᠡ | ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠰᠢᠯᠭᠠᠭᠰᠠᠨ ᠪᠥᠭᠡᠳ ᠳᠠᠯᠳᠠ ᠭᠡᠮ ᠳᠤ | ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠡᠭᠦᠨ ᠤ ᠬᠠᠮᠲᠤ᠂ ᠨᠠᠰᠤᠲᠠᠨ ᠢ ᠠᠰᠠᠷᠠᠬᠤ | ᠬᠦᠷᠢᠶᠡᠯᠡᠩ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ | ᠪᠠ ᠠᠵᠢᠯᠲᠠᠨ ᠠᠵᠢᠯᠴᠢᠨ ᠤ ᠪᠣᠯᠪᠠᠰᠤᠷᠠᠭᠤᠯᠤᠯ ᠢ ᠴᠢᠩᠭᠠᠳᠬᠠᠨ᠂ ︽ᠰᠡᠷᠭᠡᠶᠢᠯᠡᠵᠦ ᠳᠡᠶᠢᠯᠬᠦ᠂ ᠡᠷᠲᠡ ᠠᠪᠤᠷᠠᠬᠤ︾ | ᠶᠢ ᠦᠨᠡᠨᠬᠦ ᠪᠠᠲᠤᠯᠠᠬᠤ ᠪᠣᠯᠣᠨ᠎ᠠ᠃ | ᠭᠠᠯ ᠤᠨᠲᠠᠷᠠᠭᠠᠭᠴᠢ ᠠᠴᠠ ᠭᠠᠯ ᠤᠨᠲᠠᠷᠠᠭᠠᠭᠤᠷ ᠢ ᠵᠥᠪ ᠬᠡᠷᠡᠭᠯᠡᠬᠦ ᠠᠷᠭ᠎ᠠ ᠶᠢ ᠲᠤᠬᠠᠶ ᠶᠢᠨ ᠲᠠᠯᠠᠪᠠᠶ ᠳᠤ | ᠬᠦᠯᠢᠴᠡᠩᠭᠦᠢ ᠪᠠᠷ ᠲᠠᠶᠢᠯᠪᠦᠷᠢᠯᠠᠨ᠂ ᠪᠤᠳᠠᠳᠠᠢ ᠠᠵᠢᠯᠯᠠᠭᠤᠯᠵᠤ ᠣᠶᠢᠯᠠᠭᠠᠭᠤᠯᠪᠠ᠃ | ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠬᠠᠷᠢᠶᠠᠲᠤ ᠣᠷᠣᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠪᠠ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ | ᠨᠢᠭᠡᠴᠡ ᠶᠢ ᠱᠠᠯᠠᠪᠳᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ | ᠲᠦᠪᠰᠢᠨ ᠢ ᠪᠠᠲᠤᠯᠠᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ |