4 ᠰᠠᠷ᠎ᠠ ᠶᠢᠨ 10 ᠤ ᠡᠳᠦᠷ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠬᠤᠶᠠᠳᠤᠭᠠᠷ ᠤᠳᠠᠭᠠᠨ ᠤ | ᠬᠤᠷᠠᠯ ᠬᠤᠷᠠᠯᠳᠤᠭᠤᠯᠵᠤ᠂ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠬᠠᠰᠪᠠᠭᠠᠲᠤᠷ ᠬᠤᠷᠠᠯ ᠡᠷᠭᠢᠯᠡᠵᠦ᠂ | ᠬᠤᠷᠠᠯ ᠳᠤ ᠣᠷᠣᠯᠴᠠᠬᠤ ᠶᠣᠰᠣᠲᠠᠶ 29 ᠬᠥᠮᠦᠨ᠂ ᠪᠣᠳᠠᠲᠠᠶ ᠣᠷᠣᠯᠴᠠᠭᠰᠠᠨ ᠨᠢ 25 ᠬᠥᠮᠦᠨ᠂ ᠬᠠᠤᠯᠢ ᠳᠤ | ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ | ᠡᠷᠬᠢᠯᠡᠭᠴᠢ ᠪᠤᠷᠤᠬᠦᠦ᠂ ᠳᠡᠳ᠋ ᠡᠷᠬᠢᠯᠡᠭᠴᠢ ᠵᠠᠩ ᠰᠢᠤᠢ ᠳ᠋ᠦᠩ᠂ ᠡᠷᠬᠢᠮᠲᠦ᠂ ᠾᠧ ᠴᠧᠩ ᠬᠤᠸᠠ ᠬᠤᠷᠠᠯ ᠳᠤ | ᠣᠷᠣᠯᠴᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠬᠡᠰᠡᠭ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ- ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ | ᠤᠷᠤᠭᠰᠢᠯᠠᠶ᠎ᠠ︾᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠢᠶᠠᠨ ᠤ ᠱᠠᠲᠤᠨ ᠠᠴᠠ ᠳᠣᠷᠣᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠰᠢᠭᠤᠳ ᠰᠣᠩᠭᠤᠬᠤ ᠲᠤᠬᠠᠢ ᠲᠣᠭᠲᠠᠭᠠᠯ ᠤᠳ︔ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠢᠨᠠᠯᠲᠠ ᠲᠠᠯᠪᠢᠬᠤ ᠬᠠᠤᠯᠢ︾︔ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠳᠤ ᠵᠠᠰᠠᠪᠤᠷᠢ ᠣᠷᠣᠭᠤᠯᠬᠤ ᠲᠤᠬᠠᠢ | ᠲᠣᠭᠲᠠᠭᠠᠯ ᠵᠢᠴᠢ ︽ᠲᠥᠯᠥᠭᠡᠯᠡᠭᠴᠢ ᠶᠢᠨ ᠬᠠᠤᠯᠢ︾︔ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ | ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠺᠠᠳ᠋ᠷ ᠤᠨ ᠶᠡᠭᠡ | ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠬᠤᠰᠢᠭᠤ ᠠᠷᠠᠳ ᠤᠨ ᠵᠠᠰᠠᠭ ᠤᠨ | ᠣᠷᠳᠣᠨ ᠤ ︽ᠡᠳ᠋ ᠤᠨ ᠵᠠᠰᠠᠭ ᠤᠨ ᠪᠠᠯᠠ ᠮᠥᠩᠭᠦ ᠶᠢᠨ ᠲᠥᠷᠥᠯ ᠵᠦᠢᠯ ᠳᠤ ᠬᠤᠯᠪᠣᠭᠳᠠᠬᠤ ᠬᠤᠯᠪᠣᠭᠳᠠᠯ ᠪᠥᠬᠦᠶ | ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢ ᠳᠡᠪᠰᠢᠭᠦᠯᠬᠦ ᠲᠤᠬᠠᠶ ᠬᠤᠯᠪᠣᠭᠳᠠᠯ ᠪᠥᠬᠦᠶ ᠵᠦᠢᠯᠡᠰ ᠢ | ᠰᠣᠨᠣᠰᠴᠤ ᠬᠢᠨᠠᠨ ᠵᠦᠪᠯᠡᠪᠡ᠃ | ᠬᠤᠷᠠᠯ ᠠᠴᠠ ᠺᠠᠳ᠋ᠷ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠬᠢᠨᠠᠨ | ᠪᠠᠲᠤᠯᠠᠪᠠ᠃ ᠪᠠᠶ ᠱᠢ ᠮᠢᠩ ᠨᠥᠬᠦᠷ ᠢ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠦᠷ | ᠴᠠᠭ ᠤᠨ ᠲᠤᠰᠢᠶᠠᠯ ᠡᠭᠦᠷᠭᠡᠯᠡᠬᠦ ᠬᠤᠰᠢᠭᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ |