ᠥᠪᠡᠷᠲᠡᠭᠡᠨ ᠵᠠᠰᠠᠬᠤ ᠣᠷᠣᠨ ᠤ ᠴᠡᠷᠢᠭ᠂ ᠴᠡᠷᠢᠭ ᠤᠨ ᠬᠡᠷ ᠪᠦᠯᠢ᠂ ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠢ ᠪᠠᠶᠢᠴᠠᠭᠠᠨ ᠰᠤᠳᠤᠯᠬᠤ ᠳᠤᠭᠤᠶᠢᠯᠠᠩ ᠠᠪᠠᠭ᠎ᠠ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/17
     4 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠡᠷᠢᠭ᠂ ᠴᠡᠷᠢᠭ ᠤᠨ ᠬᠡᠷ ᠪᠦᠯᠢ᠂ ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠤᠨ ᠪᠠᠶᠢᠴᠠᠭᠠᠨ ᠰᠤᠳᠤᠯᠬᠤ ᠳᠤᠭᠤᠶᠢᠯᠠᠩ ᠠᠪᠠᠭ᠎ᠠ ᠬᠤᠰᠢᠭᠤᠨ ᠳᠤ ᠭᠦᠨᠵᠡᠭᠡᠶᠢᠷᠡᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠠᠰᠠᠷᠠᠨ ᠬᠠᠷᠠᠭᠠᠯᠵᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ᠂ ᠬᠤᠶᠠᠷ ᠢ ᠬᠦᠷᠢᠶᠡᠯᠡᠬᠦ ᠭᠤᠤᠯ ᠰᠡᠳᠦᠪᠲᠦ ᠴᠡᠴᠡᠷᠯᠢᠭ᠂ ᠮᠠᠰᠢᠨ ᠲᠡᠷᠭᠡᠨ ᠤ ᠥᠷᠲᠡᠭᠡ᠂ ᠢᠷᠠᠭᠤ ᠠᠯᠳᠠᠷ ᠤᠨ ᠬᠤᠯᠪᠤᠭᠠᠲᠤ ᠨᠢᠭᠡᠴᠡ ᠱᠤᠸᠠᠩ ᠵᠢᠶᠦ᠋ᠨ ᠹᠦ᠋ ᠶᠤᠸᠠᠨ ᠬᠡᠲᠦ ᠳᠡᠯᠭᠡᠭᠦᠷ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠭᠡ ᠶᠢᠨ ᠲᠢᠩᠬᠢᠮ ᠵᠡᠷᠭᠡ ᠭᠠᠵᠠᠷ ᠲᠤ ᠬᠦᠷᠴᠦ᠂ ᠶᠠᠷᠢᠯᠴᠠᠨ ᠰᠣᠯᠢᠯᠴᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠬᠠᠷᠠᠭᠠᠯᠵᠠᠯ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠰᠣᠯᠢᠯᠴᠠᠨ ᠶᠠᠷᠢᠯᠴᠠᠵᠤ᠂ ᠠᠵᠢᠯ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠷᠬᠡ ᠠᠰᠢᠭ ᠢ ᠬᠠᠮᠠᠭᠠᠯᠠᠬᠤ ᠪᠠ ᠪᠠᠶᠢᠩᠭᠤᠵᠢᠭᠰᠠᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠪᠠᠶᠢᠳᠠᠯ ᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ᠂ ᠴᠡᠷᠢᠭ ᠤᠨ ᠭᠡᠷ ᠪᠦᠯᠢ᠂ ᠴᠡᠷᠢᠭ ᠠᠴᠠ ᠬᠠᠯᠠᠭᠳᠠᠭᠰᠠᠳ ᠪᠣᠯᠤᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠠᠰᠠᠷᠠᠨ ᠬᠠᠷᠠᠭᠠᠯᠵᠠᠬᠤ ᠡᠲᠡᠭᠡᠳ ᠤᠨ ᠢᠷᠠᠭᠤ ᠠᠯᠳᠠᠷᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ︔ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠵᠦ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ︔ ᠨᠡᠶᠢᠭᠡᠮ ᠤᠨ ᠬᠦᠴᠦᠨ ᠢ ᠥᠷᠭᠡᠨ ᠢᠶᠠᠷ ᠲᠠᠶᠢᠴᠢᠯᠠᠨ ᠣᠷᠣᠯᠴᠠᠭᠤᠯᠵᠤ᠂ ᠥᠷᠭᠡᠨ ᠤᠯᠠᠨ ᠴᠡᠷᠢᠭ ᠤᠨ ᠭᠡᠷ ᠪᠦᠯᠢ᠂ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠦᠨᠡᠨ ᠪᠣᠳᠠᠲᠠᠢ ᠬᠠᠷᠠᠭᠠᠯᠵᠠᠯ ᠬᠦᠷᠲᠡᠭᠡᠵᠦ᠂ ᠪᠦᠬᠦ ᠨᠡᠶᠢᠭᠡᠮ ᠳᠤ ᠴᠡᠷᠢᠭ ᠢ ᠡᠷᠬᠢᠮᠯᠡᠨ ᠴᠡᠷᠢᠭ ᠢ ᠬᠠᠷᠠᠭᠠᠯᠵᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠠᠶᠢᠮᠠᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠱᠧᠨ ᠶᠠᠨ ᠵᠢᠶᠦ᠋ᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠤᠸᠠᠨ ᠬᠠᠶ ᠴᠢᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠧ ᠰᠢᠶᠤᠤ ᠳ᠋ᠦᠩ ᠵᠢᠴᠢ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号