3 ᠰᠠᠷ᠎ᠠ ᠶᠢᠨ 27 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠰᠢᠭᠤ | ᠨᠠᠮ ᠤᠨ ᠬᠤᠷᠢᠶᠠᠨ ᠤ 107 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 21 ᠳ᠋ᠦ᠋ᠭᠡᠷ ᠤᠳᠠᠭᠠᠨ ᠤ | ᠬᠤᠷᠠᠯ ᠪᠠ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 7 ᠳ᠋ᠤᠭᠠᠷ ᠤᠳᠠᠭᠠᠨ ᠤ ᠬᠤᠷᠠᠯ ᠢ | ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ᠂ ᠬᠤᠰᠢᠭᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ | ᠬᠠᠮᠢᠶ᠎ᠠ ᠪᠦᠬᠦᠢ ᠠᠵᠢᠯ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ᠂ ᠠᠶᠤᠯᠭᠦᠢ | ᠦᠢᠯᠡᠳᠪᠦᠷᠢᠯᠡᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠣᠶᠢᠯᠠᠭᠠᠵᠤ᠂ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠶ | ᠬᠥᠭᠵᠢᠯᠲᠡ ᠪᠠᠷ ᠪᠥᠬᠦ ᠲᠠᠯ᠎ᠠ ᠶᠢ ᠡᠵᠡᠮᠳᠡᠬᠦ ᠬᠡᠷᠡᠭᠲᠡᠶ᠃ ᠬᠢᠨᠠᠨ ᠪᠤᠳᠤᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠢᠨᠠᠷ ᠰᠠᠶᠢᠲᠠᠶ | ᠬᠢᠨᠠᠨ ᠪᠤᠳᠤᠬᠤ ᠬᠢᠨᠠᠯᠲᠠ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃ | ᠥᠭᠡᠷᠡᠴᠢᠯᠡᠯᠲᠡᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠦᠵᠡᠯ ᠰᠠᠨᠠᠭ᠎ᠠ ᠪᠣᠯᠣᠨ ᠠᠵᠢᠯᠯᠠᠭ᠎ᠠ ᠶᠢᠨ | ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠬᠡᠪ | ᠵᠠᠭᠪᠤᠷ ᠢ ᠵᠡᠷᠭᠡ ᠪᠠᠷ ᠵᠠᠰᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠪᠠᠨ | ᠴᠢᠩᠭᠠᠳᠬᠠᠵᠤ᠂ ︽ᠨᠢᠭᠡ ᠬᠥᠯᠭᠡ ᠰᠢᠳᠠᠷ᠎ᠠ︾ ᠶᠢᠨ ᠤᠬᠠᠮᠰᠠᠷ ᠢ ᠪᠤᠢ ᠪᠣᠯᠭᠠᠨ᠂ ᠠᠶᠤᠯᠭᠦᠢ ᠦᠢᠯᠡᠳᠪᠦᠷᠢᠯᠡᠯ | ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ | ᠬᠡᠷᠡᠭᠲᠡᠢ᠃ | ᠬᠤᠷᠠᠯ ᠠᠴᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠲᠠᠯ᠎ᠠ ᠪᠠᠷ᠂ ᠴᠢᠨᠠᠷ ᠰᠠᠶᠢᠲᠠᠢ ᠬᠥᠭᠵᠢᠯᠲᠡ ᠶᠢ | ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠵᠦ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ | ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ︔ ᠬᠤᠳᠠᠯᠳᠤᠭ᠎ᠠ ᠡᠷᠬᠢᠯᠡᠬᠦ | ᠣᠷᠴᠢᠨ ᠢ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠢᠨᠵᠧᠨᠧᠷᠢᠩ ᠢ ᠬᠡᠷᠡᠭᠵᠢᠭᠦᠯᠦᠨ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠯ ᠢ ᠠᠬᠢᠭᠤᠯᠬᠤ ᠬᠡᠷᠡᠭᠲᠡᠢ︔ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠠᠬᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠰᠠᠶᠢᠲᠤᠷ ᠠᠳᠬᠤᠬᠤ ᠬᠡᠷᠡᠭᠲᠡᠶ︔ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ | ᠦᠨᠳᠦᠰᠦᠲᠡᠨ ᠤ ᠪᠦᠯᠬᠦᠮᠳᠡᠯ ᠪᠣᠯᠤᠨ ᠠᠷᠠᠳ ᠤᠨ ᠠᠮᠢᠳᠤᠷᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠤᠯᠤᠰ ᠲᠦᠷᠦ ᠶᠢᠨ ᠵᠢᠯᠤᠭᠤᠳᠤᠯᠭ᠎ᠠ ᠶᠢ ᠲᠤᠪᠤᠶᠢᠯᠭᠠᠵᠤ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠥᠭᠦᠯᠡᠯᠲᠡ | ᠳᠡᠭᠡᠷ᠎ᠡ ᠨᠢᠭᠡᠳᠬᠡᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ᠂ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠰᠠᠶᠢᠵᠢᠷᠠᠭᠤᠯᠤᠨ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠤᠯᠤᠰ | ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ᠂ ᠠᠮᠤᠷ ᠲᠦᠪᠰᠢᠨ᠂ ᠠᠮᠢ | ᠠᠬᠤᠶ᠂ ᠨᠠᠮ ᠤᠨ ᠪᠠᠶᠢᠭᠤᠯᠤᠯᠲᠠ ᠵᠡᠷᠭᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠱᠠᠭᠠᠷᠳᠠᠵᠤ᠂ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠪᠠᠷ | ᠥᠭᠡᠷᠡᠴᠢᠯᠡᠯᠲᠡ ᠶᠢ ᠠᠬᠢᠭᠤᠯᠬᠤ ᠵᠡᠷᠭᠡ ᠠᠵᠢᠯ ᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠲᠣᠭᠤᠷᠢᠨ ᠪᠠᠶᠢᠴᠠᠭᠠᠬᠤ ᠬᠡᠪ ᠳᠠᠭᠤᠷᠢᠶᠠᠯ ᠪᠣᠯᠬᠤ ᠵᠡᠷᠭᠡ ᠪᠠᠷ ᠵᠠᠰᠠᠬᠤ ᠦᠢᠯᠡᠳᠦᠯ ᠢ | ᠪᠠᠳᠠᠷᠠᠭᠤᠯᠵᠤ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ | ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠲᠥᠪᠯᠡᠷᠡᠭᠦᠯᠦᠨ ᠢᠯᠡ ᠪᠠᠷ | ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠴᠢᠬᠤᠯᠠᠴᠢᠯᠠᠨ᠂ ᠡᠯ᠎ᠡ ᠵᠦᠢᠯ ᠤᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠵᠦ᠂ ᠬᠢᠯᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠂ | ᠬᠠᠩᠰᠢ ᠶᠢᠨ ᠬᠤᠭᠤᠴᠠᠭᠠᠨ ᠤ ᠭᠠᠯ ᠰᠡᠷᠭᠡᠶᠢᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ | ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | |