3 ᠰᠠᠷ᠎ᠠ ᠶᠢᠨ 27 ᠤ ᠡᠳᠦᠷ᠂ ᠠᠪᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠪᠠ ᠤᠰᠤᠨ | ᠠᠰᠢᠭᠯᠠᠯᠲᠠ ᠶᠢᠨ ᠲᠣᠪᠴᠢᠶ᠎ᠠ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠰᠦᠯᠵᠢᠶᠡᠨ ᠤ ᠠᠵᠢᠯᠲᠠᠨ ᠤ | ᠪᠣᠯᠪᠠᠰᠤᠷᠠᠯ ᠤᠨ ᠬᠤᠷᠠᠯ ᠥᠷᠨᠢᠭᠦᠯᠵᠦ᠂ ᠪᠥᠬᠦ ᠬᠤᠰᠢᠭᠤᠨ ᠤ 264 ᠲᠠᠯ᠎ᠠ ᠨᠤᠲᠤᠭ ᠤᠨ ᠰᠦᠯᠵᠢᠶᠡᠨ ᠤ | ᠠᠵᠢᠯᠲᠠᠨ ᠪᠣᠯᠪᠠᠰᠤᠷᠠᠯ ᠳᠤ ᠣᠷᠣᠯᠴᠠᠪᠠ᠃ | ᠲᠣᠰ ᠤᠳᠠᠭᠠᠨ ᠤ ᠬᠤᠷᠠᠯ ᠨᠢ ᠬᠤᠷᠠᠯ ᠢᠶᠠᠷ ᠪᠣᠯᠪᠠᠰᠣᠷᠠᠯ ᠢ ᠣᠷᠣᠯᠠᠭᠤᠯᠬᠤ ᠬᠡᠯᠪᠡᠷᠢ ᠪᠠᠷ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠯᠠᠮᠵᠢᠯᠠᠨ ᠰᠤᠷᠤᠯᠴᠠᠪᠠ᠃ ᠡᠭᠦᠨ ᠤ | ᠬᠠᠮᠲᠤ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠪᠠ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠵᠢᠯᠣᠭᠤᠴᠢ | ᠥᠬᠡᠶ ᠮᠠᠰᠢᠨ ᠤ ᠬᠡᠷᠡᠭᠯᠡᠯᠲᠡ᠂ ᠠᠵᠢᠯᠯᠠᠭᠠᠨ ᠤ ᠶᠠᠪᠤᠴᠠ᠂ ᠬᠠᠮᠠᠭᠠᠯᠠᠯᠲᠠ ᠶᠢᠨ ᠭᠤᠤᠯᠳᠠᠯᠭ᠎ᠠ ᠵᠢᠴᠢ ᠮᠠᠯ | ᠰᠦᠷᠦᠭ ᠤᠨ ᠲᠡᠵᠢᠭᠡᠨ ᠦᠷᠡᠵᠢᠭᠦᠯᠬᠦ ᠰᠠᠭᠤᠷᠢ ᠳ᠋ᠠᠶᠢᠲ᠋ᠠ ᠬᠥᠮᠥᠷᠭᠡ ᠶᠢᠨ ᠬᠠᠮᠢᠶᠠᠷᠤᠯᠲᠠ ᠶᠢᠨ ᠰᠢᠰᠲ᠋ᠧᠮ᠂ ᠨᠤᠲᠤᠭ | ᠪᠡᠯᠴᠢᠭᠡᠷ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠰᠢᠰᠲ᠋ᠧᠮ ᠤᠨ ᠪᠣᠳᠠᠲᠤ ᠠᠵᠢᠯᠯᠠᠭᠠᠨ ᠤ ᠤᠷ᠎ᠠ | ᠴᠢᠳᠠᠪᠤᠷᠢ ᠶᠢ ᠨᠠᠷᠢᠨ ᠲᠠᠶᠢᠯᠤᠮᠵᠢ ᠬᠢᠯᠭᠡᠪᠡ᠃ | ᠲᠣᠰ ᠤᠳᠠᠭᠠᠨ ᠤ ᠪᠣᠯᠪᠠᠰᠣᠷᠠᠯ ᠤᠨ ᠬᠤᠷᠠᠯ ᠨᠢ ᠠᠪᠠᠭ᠎ᠠ ᠬᠤᠰᠢᠭᠤᠨ ᠤ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ | ᠰᠥᠨᠥᠭᠡᠬᠦ ᠳᠠᠶᠢᠯᠠᠯᠳᠤᠭᠠᠨ᠂ ᠲᠠᠴᠢᠷᠲᠠᠭᠰᠠᠨ ᠨᠤᠲᠤᠭ ᠪᠡᠯᠴᠢᠭᠡᠷ ᠢ ᠰᠡᠷᠭᠦᠭᠡᠬᠦ᠂ ᠪᠡᠯᠴᠢᠭᠡᠷᠯᠡᠭᠦᠯᠬᠦ ᠶᠢ ᠵᠣᠭᠰᠣᠭᠠᠵᠤ | ᠪᠡᠯᠴᠢᠭᠡᠷ ᠰᠡᠷᠭᠦᠭᠡᠬᠦ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠶᠢ ᠬᠢᠨᠠᠨ ᠬᠠᠮᠢᠶᠠᠷᠬᠤ᠂ ᠬᠥᠨᠥᠭᠡᠯ ᠲᠠᠢ | ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ | ᠭᠦᠨᠵᠡᠭᠡᠶ ᠥᠷᠨᠢᠭᠦᠯᠬᠦ ᠶᠢ ᠬᠦᠴᠦᠯᠡᠨ ᠠᠬᠢᠭᠤᠯᠵᠤ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠡᠩᠨᠡᠭᠡ ᠶᠢᠨ | ᠪᠠᠶᠢᠭᠤᠯᠤᠯᠲᠠ ᠶᠢ ᠵᠢᠷᠤᠮᠵᠢᠭᠤᠯᠤᠨ᠂ ᠨᠤᠲᠤᠭ ᠪᠡᠯᠴᠢᠭᠡᠷ ᠤᠨ ᠲᠣᠣᠷᠵᠢᠯ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠠᠬᠢᠭᠤᠯᠪᠠ᠃ |