3 ᠰᠠᠷ᠎ᠠ ᠶᠢᠨ 28 ᠤ ᠡᠳᠦᠷ᠂ ᠠᠪᠠᠭ᠎ᠠ ᠬᠤᠰᠢᠭᠤ 2025 ᠣᠨ ᠤ ︽ᠭᠤᠷᠪᠠᠨ ᠤᠮᠠᠷᠠᠲᠤ︾ ᠶᠢ | ᠶᠡᠷᠦᠩᠬᠡᠶᠢᠯᠡᠨ ᠵᠠᠰᠠᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠵᠠᠰᠠᠬᠤ ᠲᠥᠷᠥᠯ ᠵᠦᠢᠯ ᠢ ᠴᠠᠭᠠᠨᠨᠠᠭᠤᠷ | ᠪᠠᠯᠭᠠᠰᠤᠨ ᠤ ᠨᠠᠷᠠᠨᠪᠤᠯᠠᠭ ᠭᠠᠴᠠᠭ᠎ᠠ ᠳᠤ ᠲᠥᠪᠯᠡᠷᠡᠭᠦᠯᠦᠨ ᠠᠵᠢᠯ ᠡᠬᠢᠯᠡᠭᠦᠯᠪᠡ᠃ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠷᠬᠢᠮᠲᠦ᠂ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠰᠡᠴᠡᠨᠲᠤᠶᠠᠭ᠎ᠠ ᠠᠵᠢᠯ ᠡᠬᠢᠯᠡᠬᠦ ᠠᠵᠢᠯᠯᠠᠭ᠎ᠠ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠳᠠᠷᠠᠩᠭᠤᠶ ᠶᠠᠷᠢᠶ᠎ᠠ ᠲᠠᠯᠪᠢᠬᠤ ᠶᠢᠨ | ᠬᠠᠮᠲᠤ ᠠᠵᠢᠯ ᠡᠬᠢᠯᠡᠭᠰᠡᠨ ᠢ ᠵᠠᠷᠯᠠᠵᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠰᠤᠮᠤ ᠪᠠᠯᠭᠠᠰᠤ᠂ ᠪᠠᠷᠢᠯᠭ᠎ᠠ ᠶᠢᠨ ᠠᠵᠤ ᠠᠬᠤᠶᠢᠯᠠᠯ᠂ ᠬᠤᠷᠰᠢᠶᠠᠵᠢᠯ ᠪᠠ ᠮᠠᠯᠴᠢᠳ ᠤᠨ ᠲᠥᠯᠥᠭᠡᠯᠡᠭᠴᠢ ᠠᠵᠢᠯ | ᠡᠬᠢᠯᠡᠭᠦᠯᠬᠦ ᠠᠵᠢᠯᠯᠠᠭ᠎ᠠ ᠳᠤ ᠣᠷᠣᠯᠴᠠᠪᠠ᠃ | ᠲᠣᠰ ᠤᠳᠠᠭ᠎ᠠ ᠲᠥᠪᠯᠡᠷᠡᠭᠦᠯᠦᠨ ᠠᠵᠢᠯ ᠡᠬᠢᠯᠡᠭᠦᠯᠬᠦ ᠪᠣᠯ ᠠᠪᠠᠭ᠎ᠠ ᠬᠤᠰᠢᠭᠤ ᠶᠡᠷᠦᠩᠬᠡᠶ ᠱᠦᠵᠢ ᠰᠢ ᠶᠢᠨ | ᠫᠢᠩ ᠤᠨ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ | ᠶᠢᠨ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ | ᠮᠥᠨ᠂ ᠪᠠᠰᠠ ᠴᠤ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ ᠢᠳᠡᠪᠬᠢᠲᠡᠶ ᠨᠡᠭᠡᠭᠡᠨ ᠬᠥᠭᠵᠢᠭᠦᠯᠵᠦ᠂ | ᠮᠠᠯᠴᠢᠳ ᠢ ᠳᠠᠶᠢᠴᠢᠯᠠᠨ ᠪᠠᠶᠠᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃ | ᠢᠨᠵᠧᠨᠧᠷᠢᠩ ᠤᠨ ᠭᠦᠨᠵᠡᠭᠡᠶᠢᠷᠡᠨ ᠠᠭᠢᠬᠤ ᠶᠢ ᠳᠠᠭᠠᠯᠳᠤᠨ᠂ ᠠᠪᠠᠭ᠎ᠠ ᠬᠤᠰᠢᠭᠤ ᠮᠣᠩᠭᠤᠯ ᠮᠣᠷᠢᠨ ᠤ ᠵᠣᠷᠢᠭ | ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠢᠨᠵᠧᠨᠧᠷᠢᠩ ᠤᠨ ᠠᠵᠢᠯ | ᠬᠢᠬᠦ ᠪᠠ ᠬᠠᠮᠢᠶᠠᠷᠤᠨ ᠬᠠᠮᠠᠭᠠᠯᠠᠬᠤ ᠪᠥᠬᠦ ᠶᠠᠪᠤᠴᠠ ᠶᠢᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠡᠬᠢᠯᠡᠯᠲᠡ ᠶᠢᠨ ᠠᠵᠢᠯ ᠬᠢᠬᠦ ᠡᠷᠴᠢ ᠵᠣᠷᠢᠭ ᠢᠶᠠᠨ ᠬᠥᠪᠴᠢᠯᠡᠵᠦ᠂ ︽ᠭᠤᠷᠪᠠᠨ ᠤᠮᠠᠷᠠᠲᠤ︾ ᠶᠢᠨ ᠶᠡᠷᠦᠩᠬᠡᠶᠢᠯᠡᠨ | ᠵᠠᠰᠠᠬᠤ ᠢᠨᠵᠧᠨᠧᠷᠢᠩ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ | ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠳᠡᠭᠡᠷ᠎ᠡ ︽ᠠᠪᠠᠭ᠎ᠠ ᠶᠢᠨ ᠬᠤᠷᠳᠤᠴᠠ︾ ᠪᠠᠷ ᠴᠢᠷᠮᠠᠶᠢᠵᠤ᠂ ᠪᠥᠬᠦ | ᠬᠤᠰᠢᠭᠤᠨ ᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢᠨ ᠬᠠᠮᠲᠤ ᠪᠠᠷ | ᠠᠰᠢᠭ ᠭᠥᠷᠳᠡᠬᠦ ᠶᠢ ᠲᠠᠰᠤᠷᠠᠯᠲᠠ ᠥᠬᠡᠶ ᠠᠬᠢᠭᠤᠯᠤᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠡᠯᠡᠰᠦᠷᠬᠡᠭ ᠭᠠᠵᠠᠷ ᠢ | ᠵᠠᠰᠠᠬᠤ ᠶᠡᠷᠦᠩᠬᠡᠶ ᠲᠠᠯᠠᠪᠠᠶ 60 ᠲᠦᠮᠡᠨ ᠮᠥ ᠰᠢᠬᠠᠮ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1.42 | ᠳ᠋ᠦᠩᠰᠢᠭᠤᠷ ᠲᠥᠭᠦᠷᠢᠭ ᠪᠣᠯᠤᠨ᠎ᠠ᠃ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠨᠢ ᠢᠨᠵᠧᠨᠧᠷᠢᠩ ᠢᠶᠠᠷ | ᠡᠯᠡᠰᠦ ᠶᠢ ᠲᠣᠭᠲᠠᠪᠤᠷᠢᠵᠢᠭᠤᠯᠬᠤ᠂ ᠬᠥᠮᠦᠨ ᠤ ᠬᠦᠴᠦ ᠪᠠᠷ ᠡᠪᠡᠰᠦ ᠲᠠᠷᠢᠬᠤ᠂ ᠡᠯᠡᠰᠦ ᠶᠢ ᠪᠢᠲᠡᠭᠦᠮᠵᠢᠯᠡᠨ ᠡᠪᠡᠰᠦ | ᠪᠤᠶᠢᠵᠢᠭᠤᠯᠬᠤ᠂ ᠶᠡᠷᠦᠩᠬᠡᠶᠢᠯᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ | ᠣᠷᠣᠨ ᠪᠦᠰᠡ ᠶᠢᠨ ᠡᠯᠡᠰᠦᠷᠬᠡᠭᠵᠢᠬᠦ ᠪᠠᠶᠢᠳᠠᠯ ᠢ ᠪᠦᠲᠦᠮᠵᠢᠲᠡᠶ ᠪᠠᠷ ᠬᠤᠷᠢᠭᠯᠠᠵᠤ᠂ ᠠᠮᠢ ᠠᠬᠤᠶ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ ᠪᠣᠯᠤᠨ᠎ᠠ᠃ ᠡᠭᠦᠨ ᠤ ᠬᠠᠮᠲᠤ ︽ᠠᠵᠤ ᠠᠬᠤᠶᠢᠯᠠᠯ ᠬᠤᠷᠰᠢᠶᠠᠵᠢᠯ ᠮᠠᠯᠵᠢᠬᠤ | ᠡᠷᠦᠬᠡ︾ ᠶᠢᠨ ᠵᠠᠭᠪᠤᠷ ᠢᠶᠠᠷ ᠠᠵᠢᠯ ᠣᠯᠭᠤᠯᠲᠠ ᠶᠢ ᠳᠠᠶᠢᠴᠢᠯᠠᠵᠤ᠂ 700 ᠰᠢᠬᠠᠮ ᠮᠠᠯᠴᠢᠳ ᠢ ᠴᠡᠭᠴᠡᠯᠡᠨ | ᠵᠠᠰᠠᠬᠤ ᠳᠤ ᠣᠷᠣᠯᠴᠠᠭᠤᠯᠤᠨ᠂ ᠬᠥᠮᠦᠨ ᠪᠦᠷᠢ ᠳᠤ ᠳᠤᠮᠳᠠᠴᠢ ᠪᠠᠷ 1.2 ᠲᠦᠮᠡᠨ ᠲᠥᠭᠦᠷᠢᠭ ᠤᠨ ᠬᠥᠳᠡᠯᠮᠦᠷᠢ | ᠬᠦᠴᠦᠨ ᠤ ᠬᠥᠯᠥᠰᠥ ᠣᠯᠭᠤᠮᠵᠢ ᠣᠯᠭᠤᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ | ᠠᠰᠢᠭ ᠪᠠ ᠨᠡᠶᠢᠭᠡᠮ ᠤᠨ ᠦᠷ᠎ᠡ ᠠᠰᠢᠭ ᠢ ᠨᠢᠭᠡ ᠴᠣᠭᠴᠠ ᠬᠠᠮᠲᠤ ᠪᠠᠷ ᠭᠥᠷᠳᠡᠬᠦ ᠰᠠᠶᠢᠨ ᠰᠠᠶᠢᠬᠠᠨ ᠬᠠᠷᠠᠯᠲᠠ ᠶᠢ | ᠠᠩᠬ᠎ᠠ ᠠᠯᠬᠤᠮ ᠪᠡᠶᠡᠯᠡᠭᠦᠯᠪᠡ᠃ | |