ᠠᠪᠠᠭ᠎ᠠ ᠬᠤᠰᠢᠭᠤ ᠨᠠᠮ ᠤᠨ ᠬᠤᠷᠢᠶᠠᠨ ᠤ ᠨᠡᠶᠢᠬᠡᠮ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/2
     3 ᠰᠠᠷ᠎ᠠ ᠶᠢᠨ 28 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠡᠶᠢᠭᠡᠮ ᠤᠨ ᠠᠵᠢᠯ ᠤᠨ ᠬᠤᠷᠠᠯ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ᠂ ᠪᠦᠬᠦ ᠤᠯᠤᠰ ᠤᠨ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠰᠦᠨ ᠵᠢᠶᠦ᠋ᠨ ᠠᠴᠠ᠂ ᠨᠡᠶᠢᠭᠡᠮ ᠤᠨ ᠠᠵᠢᠯ ᠪᠣᠯ ᠨᠠᠮ ᠪᠠ ᠲᠥᠷᠥ ᠶᠢᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠢᠭᠡ ᠲᠠᠯ᠎ᠠ ᠪᠠᠷ ᠣᠯᠠᠨ ᠠᠵᠢᠯ ᠲᠥᠷᠥᠯ ᠲᠠᠢ ᠵᠠᠯᠭᠠᠯᠳᠤᠵᠤ᠂ ᠨᠥᠭᠦᠭᠡ ᠲᠠᠯ᠎ᠠ ᠪᠠᠷ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠤᠯᠪᠣᠯᠳᠤᠵᠤ᠂ ᠬᠥᠭᠦᠷᠭᠡ ᠬᠤᠯᠪᠣᠭᠠᠰᠤ ᠶᠢᠨ ᠴᠢᠬᠤᠯᠠ ᠰᠢᠨᠵᠢ ᠴᠢᠨᠠᠷ ᠲᠠᠢ ᠶᠤᠮ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠢ ᠭᠦᠨᠵᠡᠭᠡᠶ ᠤᠶᠢᠯᠠᠭᠠᠨ ᠡᠵᠡᠮᠰᠢᠵᠦ᠂ ᠨᠠᠮ ᠤᠨ ᠨᠡᠶᠢᠭᠡᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠲᠤ ᠴᠢᠩᠭ᠎ᠠ ᠤᠯᠤᠰ ᠲᠥᠷᠥ ᠶᠢᠨ ᠤᠬᠠᠮᠰᠠᠷ᠂ ᠵᠤᠭᠰᠤᠴᠠ ᠶᠢᠨ ᠤᠬᠠᠮᠰᠠᠷ ᠪᠠ ᠲᠦᠭᠰᠢᠭᠦᠷᠢ ᠶᠢᠨ ᠤᠬᠠᠮᠰᠠᠷ ᠢᠶᠠᠷ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠭᠡᠭᠵᠢᠬᠦᠯᠦᠨ᠂ ᠨᠡᠶᠢᠭᠡᠮ ᠤᠨ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ ᠨᠠᠩ ᠨᠢᠭᠲᠠ᠂ ᠶᠡᠭᠡ ᠲᠠᠯ᠎ᠠ ᠳᠤ ᠦᠢᠯᠡᠴᠢᠯᠡᠬᠦ ᠪᠠᠷ ᠨᠠᠩ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃      ᠰᠦᠨ ᠵᠢᠶᠦ᠋ᠨ ᠠᠴᠠ ᠴᠢᠬᠤᠯᠠᠴᠢᠯᠠᠭᠰᠠᠨ ᠨᠢ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠠᠮ ᠤᠨ ᠭᠡᠰᠢᠭᠦᠨ ᠤ ᠡᠩᠨᠡᠭᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ ᠬᠠᠯᠠᠮᠵᠢᠯᠠᠨ ᠬᠠᠶᠢᠷᠠᠯᠠᠵᠤ ᠦᠢᠯᠡᠴᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠨᠡᠶᠢᠭᠡᠮᠯᠢᠭ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠦᠷᠭᠦᠯᠵᠢᠯᠡᠨ ᠬᠦᠴᠦᠨ ᠴᠢᠳᠠᠯ ᠣᠯᠭᠤᠵᠤ᠂ ᠨᠡᠶᠢᠭᠡᠮ ᠤᠨ ᠵᠥᠷᠢᠴᠡᠯ ᠢ ᠭᠦᠨᠵᠡᠭᠡᠢ ᠨᠠᠮᠳᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠢ ᠨᠢᠭᠲᠠᠷᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠠᠷᠠᠳ ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠴᠢᠯᠡᠭᠡᠨ ᠤ ᠠᠵᠢᠯ ᠪᠣᠯᠤᠨ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠯ ᠤᠨ ᠠᠩᠬᠢ ᠶᠢ ᠢᠳᠡᠪᠬᠢᠲᠡᠢ ᠵᠣᠬᠢᠶᠠᠨ ᠪᠠᠶᠢᠭᠤᠯᠤᠨ ᠡᠷᠬᠢᠯᠡᠵᠦ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠲᠤᠰᠬᠠᠢ ᠮᠡᠷᠭᠡᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠰᠦᠨ ᠵᠢᠶᠦ᠋ᠨ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠨᠡᠶᠢᠭᠡᠮ ᠤᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠭᠡᠮ ᠤᠨ ᠠᠵᠢᠯ ᠢ ᠪᠥᠬᠦ ᠬᠦᠴᠦᠨ ᠢᠶᠠᠷ ᠢᠶᠠᠨ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠢᠨ᠎ᠡ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ᠃      ᠬᠤᠷᠠᠯ ᠳᠡᠭᠡᠷ᠎ᠡ᠂ ᠪᠡᠯᠭᠦᠳᠡᠢ ᠪᠠᠯᠭᠠᠰᠤ᠂ ᠴᠠᠭᠠᠨᠨᠠᠭᠤᠷ ᠪᠠᠯᠭᠠᠰᠤ᠂ ᠵᠢᠷᠭᠠᠯᠠᠩᠳᠤ ᠰᠤᠮᠤ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠳᠡᠰ ᠳᠠᠷᠠᠭᠠᠯᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠳᠡᠳ᠋ ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂  ︽ᠬᠤᠶᠠᠷ ᠰᠢᠨ᠎ᠡ︾ ᠶᠢᠨ ᠠᠵᠢᠯ ᠤᠨ ᠵᠥᠪᠯᠡᠯ ᠤᠨ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠵᠢᠴᠢ ᠪᠥᠬᠦ ᠬᠤᠰᠢᠭᠤᠨ ᠤ ᠰᠢᠯᠢᠳᠡᠭ ᠨᠡᠶᠢᠭᠡᠮ ᠲᠣᠭᠤᠷᠢᠭ ᠤᠨ ᠠᠵᠢᠯᠲᠠᠨ᠂ ᠰᠢᠨ᠎ᠡ ᠪᠠᠷ ᠠᠵᠢᠯ ᠣᠯᠤᠭᠰᠠᠨ ᠬᠥᠮᠦᠰ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠭᠡᠯᠡᠭᠴᠢᠳ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号