3 ᠰᠠᠷ᠎ᠠ ᠶᠢᠨ 25 ᠤ ᠡᠳᠦᠷ᠂ ᠠᠪᠠᠭ᠎ᠠ ᠬᠤᠰᠢᠭᠤᠨ ᠤ ︽ᠨᠠᠮ ᠤᠨ ᠠᠴᠢ ᠳᠤ ᠲᠠᠯᠠᠷᠬᠠᠨ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ︽ᠲᠠᠪᠤᠨ ᠲᠡᠦᠬᠡ︾ ᠶᠢᠨ ᠮᠡᠳᠡᠯᠭᠡ ᠶᠢᠨ ᠤᠷᠤᠯᠳᠤᠭᠠᠨ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ ᠲᠤ ᠠᠮᠵᠢᠯᠲᠠ ᠲᠠᠢ ᠶᠠᠪᠤᠭᠳᠠᠪᠠ᠃ ᠲᠤᠰ ᠤᠳᠠᠭᠠᠨ ᠤ ᠤᠷᠤᠯᠳᠤᠭᠠᠨ ᠨᠢ | ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ | ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢᠨ | ᠲᠣᠭᠤᠷᠢᠨ ᠳᠤ ᠶᠠᠪᠤᠭᠳᠠᠵᠤ᠂ ᠪᠦᠬᠦ ᠬᠤᠰᠢᠭᠤᠨ ᠤ ᠡᠯ᠎ᠡ ᠨᠢᠭᠡᠴᠡ᠂ ᠡᠯ᠎ᠡ ᠰᠤᠮᠤ ᠪᠠᠯᠭᠠᠰᠤᠨ ᠤ ᠠᠩᠭᠢ ᠶᠢ | ᠢᠳᠡᠪᠬᠢᠲᠡᠢ ᠤᠷᠤᠯᠴᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠴᠧᠩ ᠬᠤᠸᠠ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠰᠡᠴᠡᠨᠲᠤᠶᠠᠭ᠎ᠠ ᠠᠵᠢᠯᠯᠠᠭ᠎ᠠ ᠳᠤ ᠣᠷᠣᠯᠴᠠᠪᠠ᠃ | ᠤᠷᠤᠯᠳᠤᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠪᠥᠬᠦ | ᠬᠤᠰᠢᠭᠤᠨ ᠤ ᠡᠯ᠎ᠡ ᠨᠢᠭᠡᠴᠡ ᠵᠢᠴᠢ ᠰᠤᠮᠤ ᠪᠠᠯᠭᠠᠰᠤ ᠠᠴᠠ ᠢᠷᠡᠭᠰᠡᠨ 14 ᠲᠥᠯᠥᠭᠡᠯᠡᠭᠴᠢᠳ ᠤᠨ ᠠᠩᠭᠢ ᠶᠢᠨ | 42 ᠤᠷᠤᠯᠴᠠᠭᠴᠢ ᠨᠢᠭᠡ ᠲᠠᠩᠬᠢᠮ ᠳᠤ ᠴᠤᠭᠯᠠᠷᠠᠵᠤ᠂ ᠬᠤᠷᠴᠠ ᠰᠢᠷᠦᠭᠦᠨ ᠥᠷᠢᠰᠥᠯᠳᠦᠭᠡᠨ ᠶᠠᠪᠤᠭᠤᠯᠪᠠ᠃ | ᠤᠷᠤᠯᠳᠤᠭᠠᠨ ᠤ ᠭᠤᠭᠴᠤᠭ᠎ᠠ ᠶᠢ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ | ᠪᠠ ᠲᠦᠭᠰᠢᠭᠦᠷᠢ ᠶᠢᠨ ᠰᠡᠳᠦᠪ ᠭᠡᠵᠦ ᠬᠤᠪᠢᠶᠠᠵᠤ᠂ ᠤᠷᠤᠯᠴᠠᠭᠴᠢᠳ ᠤᠨ ︽ᠲᠠᠪᠤᠨ ᠲᠡᠦᠬᠡ︾ ᠶᠢᠨ ᠮᠡᠳᠡᠯᠭᠡ ᠶᠢ | ᠡᠵᠡᠮᠰᠢᠭᠰᠡᠨ ᠬᠡᠮᠵᠢᠶ᠎ᠡ ᠪᠠ ᠠᠷᠭᠠᠴᠠᠬᠤ ᠴᠢᠳᠠᠪᠤᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠪᠠ᠃ ᠰᠡᠳᠦᠪ | ᠬᠠᠷᠢᠭᠤᠯᠬᠤ ᠶᠠᠪᠤᠴᠠ ᠳᠤ᠂ ᠤᠷᠤᠯᠴᠠᠭᠴᠢᠳ ᠴᠤᠭ ᠵᠢᠪᠬᠤᠭ᠎ᠠ ᠲᠡᠭᠦᠯᠳᠡᠷ᠂ ᠲᠤᠰᠬᠠᠯ ᠲᠦᠷᠭᠡᠨ᠂ ᠯᠠᠪᠳᠠᠭᠤᠨ | ᠪᠠᠲᠤᠲᠠᠶ ᠮᠡᠳᠡᠯᠭᠡ ᠶᠢᠨ ᠨᠥᠭᠡᠴᠡ ᠪᠠ ᠰᠠᠶᠢᠨ ᠰᠠᠶᠢᠬᠠᠨ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ | ᠢᠯᠡᠷᠡᠭᠦᠯᠪᠡ᠃ ᠢᠯᠠᠩᠭᠤᠶ᠎ᠠ ᠵᠠᠪᠳᠤᠨ ᠬᠠᠷᠢᠭᠤᠯᠬᠤ ᠭᠤᠭᠴᠤᠭ᠎ᠠ ᠳᠤ᠂ ᠤᠷᠤᠯᠴᠠᠭᠴᠢᠳ ᠴᠠᠭ ᠮᠥᠴᠡ ᠶᠢ | ᠵᠠᠪᠳᠤᠵᠤ᠂ ᠰᠠᠶᠢᠨ ᠮᠡᠳᠡᠳᠡᠭ ᠪᠠ ᠲᠦᠷᠭᠡᠨ ᠲᠤᠰᠬᠠᠬᠤ ᠴᠢᠳᠠᠪᠤᠷᠢ ᠳᠠᠭᠠᠨ ᠲᠦᠰᠢᠭᠯᠡᠨ᠂ ᠬᠠᠷᠢᠯᠴᠠᠨ ᠨᠠᠶᠢᠷ | ᠲᠠᠯᠪᠢᠬᠤ ᠦᠭᠡᠢ᠂ ᠤᠷᠤᠯᠳᠤᠭᠠᠨ ᠤ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠡᠶ᠃ ᠤᠳᠠᠭ᠎ᠠ ᠪᠦᠷᠢ ᠶᠢᠨ | ᠭᠤᠶᠢᠳᠠ ᠰᠠᠶᠢᠬᠠᠨ ᠬᠠᠷᠢᠭᠤᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ | ᠲᠡᠰᠢᠯᠲᠡ ᠶᠢ ᠣᠯᠤᠭᠰᠠᠨ ᠪᠠᠶᠢᠨ᠎ᠠ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠪᠠᠶᠠᠨᠲᠤᠭ ᠰᠤᠮᠤᠨ ᠤ | ᠲᠥᠯᠥᠭᠡᠯᠡᠭᠴᠢᠳ ᠤᠨ ᠠᠩᠭᠢ᠂ ᠡᠳ᠋ ᠤᠨ ᠵᠠᠰᠠᠭ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠬᠤᠶᠠᠳᠤᠭᠠᠷ | ᠳᠡᠰ ᠤᠨ ᠱᠠᠩᠨᠠᠯ ᠭᠥᠷᠳᠡᠵᠦ᠂ ᠨᠠᠷᠠᠨᠪᠤᠯᠠᠭ ᠰᠤᠮᠤᠨ ᠤ ᠲᠥᠯᠥᠭᠡᠯᠡᠭᠴᠢᠳ ᠤᠨ ᠠᠩᠭᠢ᠂ ᠪᠡᠯᠭᠦᠳᠡᠢ ᠪᠠᠯᠭᠠᠰᠤᠨ ᠤ | ᠲᠥᠯᠥᠭᠡᠯᠡᠭᠴᠢᠳ ᠤᠨ ᠠᠩᠭᠢ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ | ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ | ᠲᠣᠰ ᠤᠳᠠᠭᠠᠨ ᠤ ︽ᠲᠠᠪᠤᠨ ᠲᠡᠦᠬᠡ︾ ᠶᠢᠨ ᠮᠡᠳᠡᠯᠭᠡ ᠶᠢᠨ ᠤᠷᠤᠯᠳᠤᠭᠠᠨ ᠪᠣᠯ ᠨᠢᠭᠡ ᠤᠳᠠᠭᠠᠨ ᠤ ︽ | ᠲᠠᠪᠤᠨ ᠲᠡᠦᠬᠡ︾ ᠶᠢᠨ ᠮᠡᠳᠡᠯᠭᠡ ᠶᠢᠨ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ | ᠠᠮᠢᠳᠤᠯᠢᠭ ᠡᠬᠡ ᠣᠷᠣᠨᠴᠢ ᠦᠵᠡᠯ ᠤᠨ ᠬᠥᠮᠦᠵᠢᠯ ᠪᠠ ᠨᠠᠮᠴᠢ ᠴᠢᠨᠠᠷ ᠤᠨ ᠬᠥᠮᠦᠵᠢᠯ ᠪᠣᠯᠤᠨ᠎ᠠ᠃ | ᠤᠷᠤᠯᠳᠤᠭᠠᠨ ᠢᠶᠠᠷ ᠳᠠᠮᠵᠢᠭᠤᠯᠤᠨ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ︽ᠲᠠᠪᠤᠨ ᠲᠡᠤᠬᠡ︾ ᠶᠢᠨ | ᠰᠤᠷᠤᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠨᠠᠮ ᠤᠨ ᠭᠡᠰᠢᠭᠦᠨ ᠺᠠᠳ᠋ᠷᠴᠤᠳ ᠤᠨ | ᠨᠠᠮᠴᠢ ᠴᠢᠨᠠᠷ ᠤᠨ ᠪᠣᠯᠪᠠᠰᠤᠷᠠᠯ ᠪᠠ ᠬᠦᠰᠡᠯᠡᠩ ᠢᠲᠡᠭᠡᠯ ᠪᠢᠰᠢᠷᠡᠯ ᠢ ᠨᠡᠮᠡᠭᠳᠡᠭᠦᠯᠦᠨ᠂ ︽ᠤᠷᠤᠯᠳᠤᠭᠠᠨ ᠢᠶᠠᠷ | ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠬᠡᠷᠡᠭᠵᠢᠭᠦᠯᠦᠯᠲᠡ ᠶᠢ ᠠᠬᠢᠭᠤᠯᠬᠤ︾ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠪᠠ᠃ | |