3 ᠰᠠᠷ᠎ᠠ ᠶᠢᠨ 25 ᠤ ᠡᠳᠦᠷ᠂ ᠠᠪᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠪᠠ ᠤᠰᠤᠨ | ᠠᠰᠢᠭᠯᠠᠯᠲᠠ ᠶᠢᠨ ᠲᠣᠪᠴᠢᠶ᠎ᠠ ᠬᠠᠮᠪᠤ ᠲᠠᠯᠠᠪᠠᠶ ᠳᠤ ︽ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ︾ ᠪᠠᠷ ᠭᠤᠤᠯ ᠰᠡᠳᠦᠪ ᠪᠣᠯᠭᠠᠭᠰᠠᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ | ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ ᠭᠦᠨᠵᠡᠭᠡᠶ ᠲᠤᠭᠤᠰᠢᠯᠠᠭᠤᠯᠵᠤ᠂ ᠥᠷᠭᠡᠨ ᠣᠯᠠᠨ | ᠲᠦᠮᠡᠨ ᠤ ᠤᠰᠤᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ | ᠣᠬᠠᠭᠤᠯᠭ᠎ᠠ ᠶᠢᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠤᠯᠠᠨ ᠲᠦᠮᠡᠨ ᠳᠤ ᠤᠰᠤᠨ ᠠᠰᠢᠭᠯᠠᠯᠲᠠ ᠶᠢᠨ ᠮᠡᠳᠡᠯᠭᠡ ᠪᠠ ᠤᠰᠤᠨ ᠤ ᠠᠮᠤᠷ ᠲᠦᠪᠰᠢᠨ ᠤ | ᠴᠢᠬᠤᠯᠠ ᠴᠢᠨᠠᠷ ᠢ ᠤᠬᠠᠭᠤᠯᠪᠠ᠃ ᠡᠭᠦᠨ ᠤ ᠬᠠᠮᠲᠤ᠂ ᠣᠯᠠᠨ ᠲᠦᠮᠡᠨ ᠳᠤ ᠡᠯᠪᠡᠭ ᠪᠠᠶᠠᠯᠢᠭ ᠠᠭᠤᠯᠭ᠎ᠠ ᠲᠠᠢ | ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠤᠰᠤ ᠠᠷᠪᠢᠯᠠᠬᠤ ᠵᠢᠵᠢᠭ ᠳᠡᠯᠭᠡᠭᠦᠷ᠂ | ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠵᠡᠷᠭᠡ ᠲᠠᠯ᠎ᠠ ᠶᠢ ᠬᠠᠮᠤᠷᠴᠤ᠂ ᠣᠯᠠᠨ ᠲᠦᠮᠡᠨ ᠳᠤ | ᠤᠰᠤᠨ ᠠᠰᠢᠭᠯᠠᠯᠲᠠ ᠶᠢᠨ ᠠᠵᠢᠯ ᠢ ᠨᠠᠩ ᠰᠢᠭᠤᠳ ᠣᠶᠢᠯᠠᠭᠠᠭᠤᠯᠪᠠ᠃ ᠣᠯᠠᠨ ᠲᠦᠮᠡᠨ ᠤ ᠣᠷᠣᠯᠴᠠᠬᠤ | ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠬᠠᠶ ᠶᠢᠨ ᠲᠠᠯᠠᠪᠠᠶ ᠳᠤ ᠪᠠᠰᠠ ᠤᠰᠤ ᠠᠷᠪᠢᠯᠠᠬᠤ ᠤᠷᠢᠶ᠎ᠠ | ᠳᠠᠷᠤᠮᠠᠯᠯᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ᠂ ᠤᠰᠤᠨ ᠴᠣᠮᠣ ᠵᠡᠷᠭᠡ ᠬᠡᠷᠡᠭᠯᠡᠭᠡᠨ ᠤ ᠡᠳ᠋ | ᠪᠣᠳᠠᠰ ᠢ ᠦᠨ᠎ᠡ ᠲᠥᠯᠥᠪᠦᠷᠢ ᠦᠭᠡᠢ ᠪᠠᠷ ᠲᠠᠷᠬᠠᠭᠠᠬᠤ ᠪᠠᠷ ᠪᠡᠯᠡᠳᠬᠡᠵᠦ᠂ ᠣᠯᠠᠨ ᠲᠦᠮᠡᠨ ᠤ ᠠᠩᠬᠠᠷᠤᠯ ᠳᠤ | ᠬᠦᠷᠦᠭᠰᠡᠨ ᠪᠠᠶᠢᠨ᠎ᠠ᠃ | ᠠᠵᠢᠯᠲᠠᠳ ᠬᠠᠯᠠᠭᠤᠮᠰᠤᠭ ᠢᠶᠠᠷ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ | ᠤᠰᠤ ᠠᠷᠪᠢᠯᠠᠨ ᠬᠡᠷᠡᠭᠯᠡᠬᠦ ᠶᠢᠨ ᠠᠴᠢ ᠬᠤᠯᠪᠣᠭᠳᠠᠯ ᠪᠠ ᠠᠷᠭ᠎ᠠ ᠵᠢᠴᠢ ᠤᠰᠤᠨ ᠤ ᠠᠮᠢ ᠠᠬᠤᠶ ᠶᠢᠨ | ᠬᠠᠮᠠᠭᠠᠯᠠᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠣᠯᠠᠨ ᠢ ᠬᠥᠲᠥᠯᠦᠨ | ᠵᠢᠯᠣᠭᠤᠳᠴᠤ ᠪᠠᠶᠢᠭᠠᠳ ᠡᠳᠦᠷ ᠲᠤᠲᠤᠮ ᠤᠨ ᠠᠮᠢᠳᠤᠷᠠᠯ ᠠᠴᠠ ᠡᠬᠢᠯᠡᠨ ᠬᠢᠵᠦ᠂ ᠤᠰᠤ ᠶᠢ ᠠᠷᠪᠢᠯᠠᠨ ᠬᠡᠷᠡᠭᠯᠡᠬᠦ᠂ | ᠤᠰᠤᠨ ᠤ ᠡᠬᠢ ᠪᠠᠶᠠᠯᠢᠭ ᠢ ᠬᠠᠮᠠᠭᠠᠯᠠᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠪᠠ᠃ ᠴᠥᠭᠡᠨ ᠪᠤᠰᠤ ᠣᠯᠠᠨ | ᠲᠦᠮᠡᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠤᠰᠤᠨ ᠤ ᠠᠮᠤᠷ | ᠲᠦᠪᠰᠢᠨ ᠤ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠤᠶᠢᠰᠢᠳᠠ ᠤᠰᠤ ᠠᠷᠪᠢᠯᠠᠬᠤ ᠠᠵᠢᠯᠯᠠᠭ᠎ᠠ ᠶᠢ ᠢᠳᠡᠪᠬᠢᠲᠡᠶ | ᠦᠢᠯᠡᠳᠦᠯᠭᠡᠵᠢᠭᠦᠯᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠳᠤ ᠥᠪᠡᠷ ᠤᠨ ᠬᠤᠪᠢ ᠨᠡᠮᠡᠷᠢ ᠪᠠᠨ | ᠦᠵᠡᠭᠦᠯᠦᠨ᠎ᠡ ᠭᠡᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠠᠪᠠᠭ᠎ᠠ ᠬᠤᠰᠢᠭᠤᠨ ᠤ ᠣᠯᠠᠨ | ᠲᠦᠮᠡᠨ ᠤ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠲᠠᠨᠢᠯᠲᠠ ᠪᠠ ᠣᠷᠣᠯᠴᠠᠯᠭ᠎ᠠ ᠶᠢ ᠪᠦᠲᠦᠮᠵᠢᠲᠡᠶ | ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠤᠰᠤ ᠪᠠᠨ ᠭᠠᠮᠨᠠᠬᠤ᠂ ᠤᠰᠤ ᠠᠷᠪᠢᠯᠠᠬᠤ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ᠂ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ | ᠲᠠᠯᠪᠢᠵᠤ ᠥᠭᠭᠦᠭᠰᠡᠨ ᠪᠠᠶᠢᠨ᠎ᠠ᠃ |