ᠬᠤᠰᠢᠭᠤ ᠳᠡᠳ᠋ ᠳᠠᠷᠤᠭ᠎ᠠ ᠳ᠋ᠧᠦ ᠶᠠᠨ ᠶᠣᠣ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/4/3
     3 ᠰᠠᠷ᠎ᠠ ᠶᠢᠨ 25 ᠤ ᠡᠳᠦᠷ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠳ᠋ᠧᠦ ᠶᠠᠨ ᠶᠣᠣ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠬᠤᠷᠠᠯ ᠬᠤᠷᠠᠯᠳᠤᠭᠤᠯᠵᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠳ᠋ᠧᠦ ᠶᠠᠨ ᠶᠣᠣ ᠢᠯᠡᠷᠬᠡᠶᠢᠯᠡᠬᠦ ᠳᠡᠭᠡᠨ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠪᠣᠯ ᠬᠤᠰᠢᠭᠤᠨ ᠤ ᠬᠥᠭᠵᠢᠯᠲᠡ ᠶᠢᠨ ︽ᠰᠠᠭᠤᠷᠢ ᠲᠤᠭ᠎ᠠ ᠶᠢᠨ ᠲᠤᠯᠭᠠᠭᠤᠷᠢᠯᠠᠯ︾ ᠮᠥᠨ᠃ ᠡᠷᠬᠡᠪᠰᠢ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ᠳ᠋ᠧᠦ ᠶᠠᠨ ᠶᠣᠣ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠬᠢᠭᠡᠳ ᠬᠤᠰᠢᠭᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠲᠣᠭᠤᠷᠢᠨ ᠳᠤ ᠭᠠᠵᠠᠷ ᠰᠢᠷᠣᠶ ᠶᠢᠨ ᠡᠯᠧᠮᠧᠨ᠋ᠲ ᠢ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠳᠣᠭᠢᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ︔ ᠳᠠᠪᠠᠭᠤᠯᠢᠭ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠨᠡᠭᠡᠭᠡᠨ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠡᠷᠲᠡ ᠣᠯᠵᠤ ᠮᠡᠳᠡᠬᠦ᠂ ᠡᠷᠲᠡ ᠬᠤᠷᠢᠭᠯᠠᠬᠤ᠂ ᠥᠴᠦᠬᠡᠨ ᠴᠦ ᠠᠭᠤᠴᠢᠯᠠᠬᠤ ᠦᠭᠡᠢ᠂ ᠴᠢᠩᠭ᠎ᠠ ᠪᠠᠶᠢᠴᠠᠭᠠᠨ ᠰᠢᠢᠳᠪᠦᠷᠢᠯᠡᠬᠦ︾ ᠶᠢ ᠪᠠᠷᠢᠮᠲᠠᠯᠠᠵᠤ᠂ ᠥᠨᠳᠥᠷ ᠬᠢᠷᠢ ᠲᠦᠪᠰᠢᠨ ᠢᠶᠠᠷ ᠬᠠᠤᠯᠢ ᠬᠡᠷᠡᠭᠵᠢᠭᠦᠯᠬᠦ ᠪᠠᠷ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠪᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠣᠳᠠᠲᠠᠢ ᠶᠢ ᠨᠡᠩ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠡᠯ᠎ᠡ ᠱᠠᠲᠤᠨ ᠤ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠠᠵᠢᠯ ᠤᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠪᠢᠴᠢᠯ ᠢᠯᠵᠠᠷᠠᠯ︾ ᠢ ᠡᠷᠡᠰ ᠰᠡᠷᠭᠡᠶᠢᠯᠡᠵᠦ᠂ ᠰᠢᠯᠢᠳᠡᠭ ᠰᠤᠷᠲᠠᠯ ᠢᠶᠠᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠰᠠᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃      ᠵᠠᠰᠠᠭ ᠤᠨ ᠣᠷᠳᠣᠨ ᠤ ᠠᠯᠪᠠᠨ ᠬᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠤᠷᠤᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号