ᠠᠪᠠᠭ᠎ᠠ ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/3
     3 ᠰᠠᠷ᠎ᠠ ᠶᠢᠨ 27 ᠤ ᠡᠳᠦᠷ᠂ ᠠᠪᠠᠭ᠎ᠠ ᠬᠤᠰᠢᠭᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠡᠭᠦᠷᠭᠡ ᠪᠠᠨ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠤᠸᠠᠨ ᠵᠧᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠪᠦᠬᠦ ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠨᠤᠯ ᠢᠶᠠᠷ ᠵᠡᠪᠰᠡᠭᠯᠡᠬᠦ᠂ ᠡᠷᠳᠡᠮᠲᠡᠨ ᠴᠢᠳᠠᠪᠤᠷᠢᠲᠠᠨ ᠢ ᠰᠣᠩᠭᠤᠬᠤ᠂ ᠴᠢᠳᠠᠪᠤᠷᠢᠲᠠᠨ ᠢ ᠬᠥᠮᠦᠵᠢᠭᠦᠯᠦᠨ ᠴᠢᠳᠠᠪᠤᠷᠢᠲᠠᠨ ᠢ ᠴᠤᠭᠯᠠᠭᠤᠯᠬᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠬᠤᠷᠠᠯ ᠠᠴᠠ᠂ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠡᠭᠡᠨᠡᠭᠳᠡ ᠪᠠᠷᠢᠮᠲᠠᠯᠠᠨ᠂ ︽ᠲᠦᠷᠪᠡ ᠶᠢ ᠰᠤᠷᠤᠯᠴᠠᠬᠤ︾ ᠤᠷᠳᠤ ᠬᠤᠭᠤᠴᠠᠭᠠᠨ ᠤ ᠪᠦᠲᠦᠮᠵᠢᠲᠡᠢ ᠲᠤᠭᠲᠠᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠦ᠂ ᠨᠠᠮ ᠢᠶᠠᠨ ᠲᠠᠭᠠᠬᠤ︾ ᠤᠯᠠᠨ ᠲᠦᠮᠡᠨᠴᠢ ᠬᠥᠮᠦᠵᠢᠯ ᠢ ᠪᠣᠳᠠᠲᠠᠢ ᠠᠳᠬᠤᠨ᠂ ᠦᠨᠳᠦᠰᠦᠨ ᠪᠣᠯᠪᠠᠰᠤᠷᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠡᠷᠡᠭᠲᠡᠢ᠃ ᠰᠢᠯᠢᠳᠡᠭ ᠢ ᠨᠢ ᠰᠣᠩᠭᠤᠨ ᠴᠢᠳᠠᠪᠤᠷᠢ ᠲᠠᠢ ᠶᠢ ᠲᠣᠬᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠦᠨ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠰᠢᠨᠵᠢᠯᠡᠬᠦ ᠣᠬᠠᠭᠠᠨᠴᠢ ᠵᠢᠷᠤᠮᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠺᠠᠳ᠋ᠷᠴᠤᠳ ᠲᠤ ᠪᠦᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠴᠢᠩᠭᠠᠳᠬᠠᠨ᠂ ᠰᠢᠨ᠎ᠡ ᠴᠠᠭ ᠦᠶ᠎ᠡ ᠶᠢᠨ ᠠᠯᠪᠠᠲᠠᠨ ᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠴᠠᠭᠠᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠠᠳᠬᠤᠵᠤ᠂ ︽ᠨᠠᠮ ᠤᠨ ᠪᠠᠶᠢᠭᠤᠯᠤᠯᠲᠠ ᠶᠢᠨ ᠵᠢᠷᠭᠤᠭᠠᠨ ᠬᠥᠲᠥᠯᠥᠨ ᠳᠠᠭᠠᠭᠤᠯᠬᠤ︾ ᠶᠢ ᠪᠣᠳᠠᠲᠠᠶ ᠠᠳᠬᠤᠵᠤ᠂ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠡᠯ᠎ᠡ ᠬᠦᠷᠢᠶᠡᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ︽ᠬᠢᠷᠢ ᠬᠡᠮᠵᠢᠶ᠎ᠡ ᠠᠴᠠ ᠪᠠᠨ ᠬᠡᠳᠦᠷᠡᠭᠦᠯᠬᠦ︾ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠭᠠᠵᠠᠷ ᠣᠷᠣᠨ ᠤ ᠪᠠᠨ ᠭᠤᠤᠯᠳᠠᠯᠭ᠎ᠠ ᠲᠠᠢ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠴᠢᠳᠠᠪᠤᠷᠢᠲᠠᠨ ᠢ ᠤᠷᠢᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠂ ᠴᠢᠳᠠᠪᠤᠷᠢᠲᠠᠨ ᠤ ᠭᠤᠤᠯᠳᠠᠯᠭ᠎ᠠ ᠲᠠᠢ ᠲᠤᠰᠬᠠᠶ ᠠᠵᠢᠯ ᠢ ᠠᠬᠢᠭᠤᠯᠤᠨ᠎ᠠ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠬᠤ ᠬᠡᠯᠲᠡᠰ ᠨᠢ ᠤᠯᠤᠰ ᠲᠦᠷᠦ ᠶᠢᠨ ᠦᠨᠡᠨᠴᠢ ᠰᠢᠳᠤᠷᠭᠤ ᠶᠢ ᠲᠤᠪᠤᠶᠢᠯᠭᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠵᠢᠱᠢᠶᠡᠴᠢ ᠰᠠᠯᠠᠭ᠎ᠠ ᠮᠥᠴᠢᠷ ᠪᠠ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠡᠰᠡᠭ ᠰᠤᠮᠤ ᠪᠠᠯᠭᠠᠰᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号