︽ᠧᠦ᠋ᠷᠣᠫᠠ ᠶᠢᠨ ᠵᠢᠷᠦᠬᠡᠨ ᠤ ᠡᠪᠡᠳᠴᠢᠨ ᠢ ᠰᠡᠷᠭᠡᠶᠢᠯᠡᠬᠦ ᠤᠬᠠᠭᠠᠨ ᠤ ᠰᠡᠳᠬᠦᠯ︾ ᠤᠨ ᠨᠡᠶᠢᠲᠡᠯᠡᠭᠰᠡᠨ | ᠨᠢᠭᠡᠨ ᠥᠭᠦᠯᠡᠯ ᠳᠤ᠂ ᠢᠳᠡᠭᠡᠨ ᠤᠮᠳᠠᠭᠠᠨ ᠠᠴᠠ ᠪᠣᠯᠤᠭᠰᠠᠨ ᠵᠢᠷᠦᠬᠡᠨ ᠤ ᠭᠡᠮᠳᠦᠯ ᠳᠤ ᠤᠷᠮ᠎ᠠ ᠰᠡᠳᠭᠢᠯᠭᠡ ᠨᠢ | ᠴᠢᠬᠤᠯᠠ ᠨᠦᠯᠦᠭᠡᠯᠡᠬᠦ ᠬᠦᠴᠦᠨ ᠪᠤᠯᠵᠤ᠂ ᠤᠷᠲᠦ ᠬᠤᠭᠤᠴᠠᠭ᠎ᠠ ᠪᠠᠷ ᠤᠴᠠᠭᠠᠷ ᠪᠤᠬᠢᠨᠢᠳᠤᠯ ᠲᠠᠢ ᠬᠤᠭᠤᠯᠠ ᠢᠳᠡᠬᠦ | ᠦᠶᠡᠰ ᠡᠷᠡᠭᠦᠯ ᠵᠢᠷᠦᠬᠡ ᠴᠦ ᠬᠡᠮᠲᠦᠵᠦ ᠮᠡᠳᠡᠨ᠎ᠡ ᠭᠡᠪᠡ᠃ ᠰᠤᠳᠤᠯᠭᠠᠨ ᠤ ᠪᠦᠯᠬᠦᠮ ᠤᠨ ᠬᠢᠨ 1109 ᠬᠥᠮᠦᠨ ᠳᠤ | ᠪᠠᠶᠢᠴᠠᠭᠠᠯᠲᠠ ᠬᠢᠭᠡᠳ 13 ᠵᠢᠯ ᠪᠣᠯᠤᠭᠰᠠᠨ ᠤ ᠳᠠᠷᠠᠭ᠎ᠠ᠂ ᠤᠷᠮ᠎ᠠ ᠰᠡᠳᠬᠢᠯᠭᠡ ᠶᠢᠨ ᠨᠦᠯᠦᠭᠡᠯᠡᠯ ᠲᠠᠢ ᠬᠤᠭᠤᠯᠠ | ᠢᠳᠡᠬᠦ ᠨᠢ ᠵᠢᠷᠦᠬᠡᠨ ᠤ ᠲᠡᠯᠡᠯᠲᠡ ᠶᠢᠨ ᠴᠢᠳᠠᠮᠵᠢ ᠶᠢᠨ ᠰᠠᠭᠠᠲᠠᠯ ᠤᠨ ᠲᠦᠭᠰᠢᠭᠦᠷᠢ ᠶᠢᠨ ᠨᠡᠮᠡᠭᠳᠡᠯ ᠲᠠᠢ | ᠬᠤᠯᠪᠣᠭ᠎ᠠ ᠲᠠᠢ︔ ᠬᠡᠳᠦᠢ ᠶᠡᠭᠡ ᠤᠴᠠᠭᠠᠷ ᠪᠤᠬᠢᠨᠢᠳᠤᠯ ᠲᠠᠢ ᠬᠤᠭᠤᠯᠠ ᠢᠳᠡᠪᠡᠯ ᠬᠦᠵᠦᠭᠦᠦ ᠭᠤᠶᠠᠨ ᠤ | ᠯᠤᠭᠰᠢᠭᠤᠨ ᠰᠤᠳᠠᠯ ᠤᠨ ᠯᠤᠭᠰᠢᠯᠲᠠ ᠶᠢᠨ ᠬᠤᠷᠳᠤᠴᠠ ᠨᠢ ᠴᠦ ᠲᠡᠳᠦᠶ ᠲᠦᠷᠭᠡᠨ ᠪᠠᠶᠢᠵᠤ᠂ ᠴᠢᠰᠤᠨ ᠰᠤᠳᠠᠯ ᠤᠨ | ᠬᠠᠲᠠᠭᠤᠷᠠᠯ ᠤᠨ ᠬᠡᠮᠵᠢᠶ᠎ᠡ ᠨᠢ ᠲᠡᠳᠦᠶ ᠥᠨᠳᠥᠷ ᠪᠤᠯᠤᠨ᠎ᠠ ᠭᠡᠳᠡᠭ ᠢ ᠤᠯᠵᠤ ᠮᠡᠳᠡᠵᠡᠢ᠃ | ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ | ᠬᠠᠷᠢᠶᠠᠲᠤ ᠶᠢᠰᠦᠳᠦᠭᠡᠷ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠭᠤᠤᠯᠯᠠᠭᠴᠢ | ᠡᠮᠴᠢ ᠰᠢᠥᠸᠠᠢ ᠴᠤᠤ ᠶᠢᠨ ᠲᠠᠶᠢᠯᠪᠤᠷᠢᠯᠠᠭᠰᠠᠨ ᠢᠶᠠᠷ᠂ ᠳᠠᠷᠤᠭᠠᠰᠦ᠂ ᠪᠤᠬᠢᠨᠢᠳᠤᠯ᠂ ᠠᠭᠤᠷ ᠬᠢᠯᠢᠩ᠂ ᠡᠮᠭᠡᠨᠢᠯ ᠵᠡᠷᠭᠡ | ᠨᠠᠵᠠᠭᠠᠶ ᠤᠷᠮ᠎ᠠ ᠰᠡᠳᠭᠢᠯᠭᠡ ᠨᠢ ᠶᠡᠭᠡ ᠲᠠᠷᠢᠬᠢ ᠶᠢ ᠲᠠᠷᠤᠭᠠᠰᠦ ᠲᠠᠢ ᠪᠠᠶᠢᠳᠠᠯ ᠳᠤ ᠣᠷᠣᠭᠤᠯᠵᠤ᠂ ᠬᠥᠮᠦᠰ ᠤᠨ | ᠢᠳᠡᠭᠡᠨ ᠤ ᠳᠤᠷᠠᠰᠢᠯ ᠢ ᠶᠡᠭᠡ ᠪᠠᠷ ᠨᠡᠮᠡᠭᠳᠡᠭᠦᠯᠦᠨ᠂ ᠥᠨᠳᠥᠷ ᠡᠨᠧᠷᠭᠢᠲᠦ ᠢᠳᠡᠭᠡᠨ ᠢ ᠴᠦ ᠨᠠᠩ ᠠᠷᠪᠢᠨ | ᠢᠳᠡᠭᠦᠯᠳᠡᠭ᠃ ᠬᠡᠲᠦᠷᠡᠲᠡᠯ᠎ᠡ ᠢᠳᠡᠵᠦ ᠤᠤᠭᠤᠬᠤ ᠨᠢ ᠳᠠᠷᠤᠭᠠᠰᠦ ᠶᠢ ᠲᠦᠷ ᠬᠥᠩᠭᠡᠷᠡᠭᠦᠯᠵᠦ᠂ ᠬᠥᠮᠦᠰ ᠲᠤ | ᠤᠬᠤᠷᠬᠠᠨ ᠬᠤᠭᠤᠴᠠᠭᠠᠨ ᠤ ᠲᠠᠭᠠᠯᠠᠮᠵᠢᠲᠠᠶ ᠪᠠᠶᠢᠳᠠᠯ ᠢ ᠡᠳ᠋ᠯᠡᠭᠦᠯᠳᠡᠭ ᠪᠤᠯᠪᠠᠴᠦ ᠬᠤᠶᠢᠰᠢᠳᠠ ᠶᠢᠨ ᠬᠤᠣᠷ | ᠬᠥᠨᠥᠭᠡᠯ ᠨᠢ ᠮᠠᠰᠢ ᠶᠡᠭᠡ ᠪᠠᠶᠢᠳᠠᠭ᠂ ᠵᠢᠱᠢᠶᠡᠯᠡᠪᠡᠯ ᠮᠠᠷᠢᠶᠠᠯᠠᠬᠤ᠂ ᠳᠣᠲᠣᠭᠠᠳᠤ ᠱᠦᠭᠦᠷᠡᠯᠳᠡ ᠶᠢ ᠰᠠᠮᠠᠭᠤᠷᠠᠭᠤᠯᠬᠤ᠂ | ᠴᠢᠰᠤᠨ ᠤ ᠥᠭᠡᠬᠦ ᠣᠯᠠᠰᠢᠷᠠᠬᠤ ᠵᠡᠷᠭᠡ ᠪᠠᠶᠢᠳᠠᠯ ᠢ ᠡᠭᠦᠰᠭᠡᠵᠦ᠂ ᠡᠴᠦᠰ ᠲᠡᠭᠡᠨ ᠵᠢᠷᠦᠬᠡᠨ ᠤ ᠡᠷᠡᠭᠦᠯ ᠮᠡᠨᠳᠦ ᠶᠢ | ᠨᠥᠯᠥᠭᠡᠯᠡᠨ᠎ᠡ᠃ | ᠨᠠᠵᠠᠭᠠᠢ ᠤᠷᠮ᠎ᠠ ᠰᠡᠳᠭᠢᠯᠭᠡ ᠨᠢ ᠬᠤᠭᠤᠯᠠ ᠢᠳᠡᠬᠦ ᠪᠠᠷ ᠳᠠᠮᠵᠢᠭᠤᠯᠤᠨ ᠵᠢᠷᠦᠬᠡ ᠶᠢ ᠨᠥᠯᠥᠭᠡᠯᠡᠬᠦ ᠪᠠᠷ ᠪᠠᠷᠠᠬᠤ | ᠥᠬᠡᠶ ᠪᠠᠰᠠ ᠪᠤᠰᠤᠳ ᠮᠠᠭᠤ ᠨᠦᠯᠦᠭᠡ ᠶᠢ ᠳᠠᠭᠠᠭᠤᠯᠳᠠᠭ᠃ ᠵᠢᠱᠢᠶᠡᠯᠡᠪᠡᠯ᠂ ᠵᠣᠪᠠᠨᠢᠬᠤ᠂ ᠪᠤᠬᠢᠨᠢᠳᠤᠬᠤ᠂ ᠬᠥᠮᠦᠨ | ᠠᠮᠠᠷᠬᠠᠨ ᠲᠠᠮᠠᠬᠢ ᠲᠠᠲᠠᠬᠤ᠂ ᠠᠷᠢᠬᠢ ᠤᠤᠭᠤᠬᠤ᠂ ᠨᠤᠶᠢᠷ ᠮᠠᠭᠤᠳᠠᠬᠤ᠂ ᠲᠠᠮᠢᠷ ᠤᠨ ᠬᠥᠳᠡᠯᠭᠡᠭᠡᠨ ᠳᠤᠲᠠᠭᠳᠠᠬᠤ | ᠵᠡᠷᠭᠡ ᠡᠷᠡᠭᠦᠯ ᠪᠤᠰᠤ ᠠᠮᠢᠳᠤᠷᠠᠯ ᠤᠨ ᠳᠠᠳᠬᠠᠯ ᠲᠠᠢ ᠪᠤᠯᠳᠠᠭ ᠠᠴᠠ ᠡᠨᠡ ᠨᠢ ᠪᠦᠷ ᠵᠢᠷᠦᠬᠡᠨ ᠡᠪᠡᠳᠴᠢᠨ ᠤ | ᠲᠦᠭᠰᠢᠭᠦᠷᠢ ᠶᠢ ᠨᠡᠮᠡᠭᠳᠡᠭᠦᠯᠳᠡᠭ᠃ ᠪᠠᠰᠠ ᠪᠠᠴᠢᠮᠳᠠᠬᠤ᠂ ᠠᠶᠤᠬᠤ ᠵᠡᠷᠭᠡ ᠤᠷᠮ᠎ᠠ ᠰᠡᠳᠭᠢᠯᠭᠡ ᠨᠢ ᠪᠥᠭᠡᠷ᠎ᠡ ᠶᠢᠨ | ᠳᠡᠭᠡᠳᠦ ᠪᠤᠯᠴᠢᠷᠬᠠᠶ ᠶᠢᠨ ᠡᠳ᠋ ᠢ ᠣᠯᠠᠰᠢᠷᠠᠭᠤᠯᠵᠦ᠂ ᠴᠢᠰᠤᠨ ᠰᠤᠳᠠᠯ ᠢ ᠦᠷᠭᠦᠯᠵᠢᠯᠡᠨ ᠠᠪᠴᠢᠭᠤᠯᠵᠤ᠂ ᠥᠨᠳᠥᠷ | ᠰᠥᠰᠥᠨ ᠤ ᠴᠢᠯᠠᠭᠤᠯᠢᠭ ᠠᠯᠺᠣᠣᠯ ᠨᠢ ᠨᠡᠩ ᠠᠮᠠᠷᠬᠠᠨ ᠴᠢᠰᠤᠨ ᠰᠤᠳᠠᠯ ᠤᠨ ᠬᠠᠨ᠎ᠠ ᠶᠢ ᠢᠳᠡᠭᠳᠡᠭᠦᠯᠵᠦ᠂ | ᠯᠤᠭᠰᠢᠭᠤᠨ ᠰᠤᠳᠠᠯ ᠢ ᠥᠭᠡᠬᠦᠯᠡᠬᠦᠯᠦᠨ ᠬᠠᠲᠠᠭᠤᠷᠠᠭᠤᠯᠵᠤ᠂ ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ | ᠡᠪᠡᠳᠴᠢᠨ ᠵᠡᠷᠭᠡ ᠶᠢ ᠡᠭᠦᠰᠭᠡᠳᠡᠭ᠃ |