︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠳᠥᠯᠭᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠲᠣᠭᠲᠠᠭᠠᠯ︾ ᠳᠤ᠄ ︽ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ | ᠬᠠᠳᠠᠭᠠᠯᠠᠬᠤ ᠲᠦᠷᠢᠮ ᠢ ᠪᠠᠶᠢᠭᠤᠯᠤᠨ᠎ᠠ︾ ᠭᠡᠵᠦ ᠲᠤᠷᠠᠳᠪᠠ᠃ | ᠡᠨᠡ ᠪᠣᠯ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠢᠮ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠮᠥᠨ᠂ ᠡᠨᠡ ᠨᠢ ᠬᠥᠮᠦᠨ ᠤ ᠡᠷᠬᠡ ᠶᠢᠨ ᠬᠠᠤᠯᠢ ᠪᠠᠷᠢᠬᠤ ᠪᠠᠲᠤᠯᠠᠭ᠎ᠠ ᠶᠢ ᠴᠢᠩᠭᠠᠳᠬᠠᠵᠤ᠂ | ᠬᠠᠤᠯᠢ ᠪᠠᠷ ᠵᠠᠰᠠᠬᠤ ᠪᠣᠯᠪᠠᠰᠤᠨ ᠢ ᠢᠯᠡᠷᠡᠭᠦᠯᠵᠦ᠂ ᠨᠡᠶᠢᠭᠡᠮ ᠤᠨ ᠡᠰᠡᠷᠭᠦᠴᠡᠯᠳᠦᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ᠂ ᠨᠠᠵᠠᠭᠠᠶ ᠬᠦᠴᠦᠨ ᠵᠦᠢᠯ ᠢ ᠢᠳᠡᠪᠬᠢᠲᠡᠶ ᠬᠦᠴᠦᠨ ᠵᠦᠢᠯ ᠪᠣᠯᠭᠠᠨ ᠬᠤᠪᠢᠷᠠᠭᠤᠯᠵᠤ᠂ ᠨᠡᠶᠢᠭᠡᠮ ᠤᠨ | ᠳᠠᠪᠰᠢᠯᠲᠠ ᠶᠢ ᠠᠬᠢᠭᠤᠯᠬᠤ ᠳᠤ ᠠᠰᠢᠭᠲᠠᠶ ᠶᠤᠮ᠃ ᠡᠭᠦᠨ ᠢ ᠳᠣᠣᠷᠠᠬᠢ ᠭᠤᠷᠪᠠᠨ ᠲᠠᠯ᠎ᠠ ᠪᠠᠷ ᠣᠶᠢᠯᠠᠭᠠᠵᠤ | ᠪᠣᠯᠤᠨ᠎ᠠ᠃ | ᠨᠢᠭᠡᠳᠦᠭᠡᠷ ᠲᠤ᠂ ᠡᠨᠡ ᠬᠦ ᠲᠦᠷᠢᠮ ᠨᠢ ᠠᠭᠤᠴᠢᠯᠠᠬᠤ ᠶᠠᠯᠠᠯᠠᠬᠤ ᠶᠢ ᠬᠤᠣᠰᠯᠠᠭᠤᠯᠬᠤ ᠡᠷᠡᠭᠦᠦ ᠶᠢᠨ | ᠬᠡᠷᠡᠭ ᠤᠨ ᠲᠦᠷᠦ ᠶᠢᠨ ᠪᠤᠳᠤᠯᠭ᠎ᠠ ᠶᠢ ᠢᠯᠡᠷᠡᠭᠦᠯᠦᠨ ᠨᠠᠶᠢᠳᠠᠪᠤᠷᠢᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠳᠤ | ᠬᠡᠷᠡᠭᠯᠡᠵᠦ᠂ ᠬᠦᠨᠳᠦ ᠶᠠᠯ᠎ᠠ ᠳᠤ ᠬᠡᠷᠡᠭᠯᠡᠬᠦ ᠦᠭᠡᠢ᠃ ᠤᠢᠢᠷ᠎ᠠ ᠶᠢᠨ ᠵᠢᠯ ᠤᠳ ᠲᠤ᠂ ᠮᠠᠨ ᠤ ᠤᠯᠤᠰ ᠤᠨ | ᠡᠷᠡᠭᠦᠦ ᠶᠢᠨ ᠶᠠᠯᠠᠲᠤ ᠬᠡᠷᠡᠭ ᠤᠨ ᠪᠦᠲᠦᠴᠡ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠬᠦᠨᠳᠦ ᠶᠠᠯᠠᠲᠤ | ᠬᠡᠷᠡᠭ ᠤᠨ ᠬᠠᠷᠢᠴᠠᠯ ᠪᠠᠭᠤᠷᠠᠵᠤ᠂ ᠬᠦᠡᠭᠭᠡᠪᠲᠦᠷ ᠶᠠᠯᠠᠲᠤ ᠬᠡᠷᠡᠭ ᠤᠨ ᠬᠠᠷᠢᠴᠠᠯ᠂ ᠬᠦᠡᠭᠭᠡᠪᠲᠦᠷ ᠡᠷᠡᠭᠦᠦ ᠶᠢᠨ | ᠨᠤᠷᠮ᠎ᠠ ᠢᠯᠡᠳᠲᠡ ᠳᠡᠭᠡᠭᠰᠢᠯᠡᠪᠡ᠃ ᠬᠦᠨᠳᠦ ᠶᠠᠯᠠᠲᠤ ᠬᠡᠷᠡᠭ ᠲᠠᠢ ᠬᠠᠷᠢᠴᠠᠭᠤᠯᠪᠠᠯ᠂ ᠣᠯᠠᠩᠬᠢ ᠬᠥᠡᠭᠭᠡᠪᠲᠦᠷ ᠶᠠᠯᠠᠲᠤ | ᠬᠡᠷᠡᠭ ᠤᠨ ᠨᠡᠶᠢᠭᠡᠮ ᠤᠨ ᠬᠤᠣᠷ ᠬᠥᠨᠥᠭᠡᠯ ᠨᠢ ᠨᠡᠯᠢᠶᠡᠳ ᠪᠠᠭ᠎ᠠ᠂ ᠶᠠᠯ᠎ᠠ ᠨᠢ ᠨᠡᠩ ᠬᠥᠡᠭᠭᠡᠨ᠂ ᠬᠥᠡᠭᠭᠡᠪᠲᠦᠷ ᠶᠠᠯᠠᠲᠤ | ᠠᠵᠢᠯᠯᠠᠭ᠎ᠠ ᠲᠠᠢ ᠬᠥᠮᠦᠰ ᠤᠨ ᠶᠠᠯ᠎ᠠ ᠪᠠᠨ ᠮᠡᠳᠡᠷᠡᠵᠦ ᠭᠡᠮᠰᠢᠨ ᠵᠠᠰᠠᠷᠠᠬᠤ ᠪᠣᠯᠤᠯᠴᠠᠭ᠎ᠠ ᠨᠢ ᠨᠡᠯᠢᠶᠡᠳ ᠶᠡᠭᠡ ᠪᠠᠶᠢᠵᠤ᠂ | ᠨᠡᠶᠢᠭᠡᠮ ᠲᠠᠢ ᠲᠠᠬᠢᠨ ᠠᠭᠤᠰᠤᠯᠴᠠᠬᠤ ᠨᠢ ᠨᠡᠯᠢᠶᠡᠳ ᠲᠦᠷᠭᠡᠨ᠂ ᠨᠡᠶᠢᠭᠡᠮ ᠤᠨ ᠬᠠᠷᠢᠴᠠᠭ᠎ᠠ ᠨᠢ ᠨᠡᠯᠢᠶᠡᠳ ᠰᠠᠶᠢᠨ | ᠰᠡᠷᠭᠦᠬᠦ ᠪᠣᠯᠤᠨ᠎ᠠ᠃ | ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠨᠢ ᠬᠦᠡᠭᠭᠡᠨ ᠶᠠᠯ᠎ᠠ ᠪᠠ | ᠬᠦᠨᠳᠦ ᠶᠠᠯ᠎ᠠ ᠶᠢ ᠢᠯᠭᠠᠵᠤ᠂ ᠵᠥᠪᠬᠡᠨ ᠬᠥᠩᠭᠡᠪᠲᠦᠷ ᠶᠠᠯᠠᠲᠤ ᠠᠵᠢᠯᠯᠠᠭ᠎ᠠ ᠭᠡᠬᠦ ᠡᠨᠡ ᠬᠦ ᠣᠨᠴᠠᠭᠠᠢ ᠪᠠᠶᠢᠳᠠᠯ ᠳᠤ | ᠬᠡᠷᠡᠭᠯᠡᠨ᠎ᠡ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ᠂ ᠬᠠᠷ᠎ᠠ ᠪᠦᠯᠦᠭᠲᠡᠨ ᠤ | ᠴᠢᠨᠠᠷᠲᠠᠢ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ᠂ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ | ᠠᠵᠢᠯᠯᠠᠭ᠎ᠠ ᠵᠢᠴᠢ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠬᠦᠨᠳᠦ ᠨᠣᠴᠢᠲᠠᠢ ᠨᠥᠯᠥᠭᠡᠯᠡᠭᠰᠡᠨ | ᠣᠯᠠᠨᠲᠠ ᠡᠭᠦᠰᠭᠦ ᠴᠢᠨᠠᠷᠲᠠᠢ ᠶᠠᠯᠠᠲᠤ ᠠᠵᠢᠯᠯᠠᠭ᠎ᠠ ᠳᠤ ᠬᠡᠷᠡᠭᠯᠡᠬᠦ ᠦᠭᠡᠢ᠃ ᠡᠨᠡ ᠨᠢ ᠮᠠᠨ ᠤ ᠤᠯᠤᠰ ᠤᠨ | ᠠᠭᠤᠴᠢᠯᠠᠬᠤ ᠶᠠᠯᠠᠯᠠᠬᠤ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠲᠠᠢ ᠨᠡᠶᠢᠴᠡᠵᠦ᠂ | ᠠᠭᠤᠴᠢᠯᠠᠬᠤ ᠶᠣᠰᠣᠲᠠᠢ ᠶᠢ ᠨᠢ ᠠᠭᠤᠴᠢᠯᠠᠵᠤ᠂ ᠶᠠᠯᠠᠯᠠᠬᠤ ᠶᠣᠰᠣᠲᠠᠢ ᠶᠢ ᠨᠢ ᠶᠠᠯᠠᠯᠠᠵᠤ᠂ ᠠᠭᠤᠴᠢᠯᠠᠬᠤ | ᠶᠠᠯᠠᠯᠠᠬᠤ ᠶᠢ ᠬᠤᠣᠰᠯᠠᠭᠤᠯᠵᠤ᠂ ᠶᠠᠯ᠎ᠠ ᠳᠤᠨᠢ ᠲᠤᠬᠢᠷᠠᠭᠤᠯᠤᠨ ᠰᠢᠳᠭᠡᠬᠦ ᠱᠠᠭᠠᠷᠳᠠᠯᠭ᠎ᠠ ᠶᠢ ᠢᠯᠡᠷᠡᠭᠦᠯᠦᠭᠰᠡᠨ ᠪᠠᠶᠢᠨ᠎ᠠ᠃ | ᠬᠤᠶᠠᠳᠤᠭᠠᠷ ᠲᠤ᠂ ᠡᠨᠡ ᠬᠦ ᠲᠦᠷᠢᠮ ᠨᠢ ᠶᠠᠯᠠᠲᠤ ᠠᠵᠢᠯᠯᠠᠭ᠎ᠠ ᠶᠢᠨ ᠳᠠᠭᠠᠯᠳᠠ ᠦᠷ᠎ᠡ ᠤᠷᠰᠢᠭ ᠤᠨ | ᠲᠦᠷᠢᠮ ᠲᠣᠭᠲᠡᠴᠡ ᠶᠢ ᠲᠡᠭᠦᠯᠳᠡᠷᠵᠢᠭᠦᠯᠵᠦ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠬᠦ᠂ ᠶᠠᠯ᠎ᠠ ᠬᠢᠬᠦ ᠶᠢ | ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠣᠷᠢᠯᠭ᠎ᠠ ᠶᠢ ᠪᠡᠶᠡᠯᠡᠭᠦᠯᠬᠦ ᠳᠤ ᠠᠰᠢᠭᠲᠠᠢ ᠶᠤᠮ᠃ ᠬᠥᠩᠭᠡᠪᠲᠦᠷ | ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠨᠢ ᠶᠠᠯᠠᠲᠤ ᠠᠵᠢᠯᠯᠠᠭ᠎ᠠ ᠶᠢᠨ | ᠳᠠᠭᠠᠯᠳᠠ ᠦᠷ᠎ᠡ ᠤᠷᠰᠢᠭ ᠤᠨ ᠲᠦᠷᠢᠮ ᠤᠨ ᠠᠢ ᠳᠤ ᠲᠣᠭᠠᠴᠢᠭᠳᠠᠨ᠎ᠠ᠃ ᠮᠠᠨ ᠤ ᠤᠯᠤᠰ ᠲᠤ᠂ ᠶᠠᠯᠠᠲᠤ | ᠠᠵᠢᠯᠯᠠᠭ᠎ᠠ ᠶᠢᠨ ᠲᠠᠭᠠᠯᠳᠠ ᠦᠷ᠎ᠡ ᠤᠷᠰᠢᠭ ᠭᠡᠳᠡᠭ ᠨᠢ ᠶᠠᠯ᠎ᠠ ᠬᠢᠭᠰᠡᠨ ᠬᠥᠮᠦᠨ ᠵᠢᠴᠢ ᠲᠡᠭᠦᠨ ᠤ ᠲᠦᠷᠦᠯ ᠰᠠᠳᠤᠨ᠂ | ᠣᠨᠴᠠ ᠲᠣᠭᠲᠠᠭᠰᠠᠨ ᠬᠠᠷᠢᠴᠠᠭ᠎ᠠ ᠲᠠᠢ ᠬᠥᠮᠦᠨ ᠤ ᠶᠠᠯᠠᠲᠤ ᠠᠵᠢᠯᠯᠠᠭ᠎ᠠ ᠪᠤᠶᠤ ᠡᠷᠡᠭᠦᠦ ᠶᠢᠨ ᠰᠢᠳᠭᠡᠯ ᠤᠨ | ᠲᠡᠮᠳᠡᠭᠯᠡᠯ ᠠᠴᠠ ᠪᠣᠯᠤᠭᠰᠠᠨ ᠡᠷᠬᠡ ᠪᠤᠶᠤ ᠬᠢᠷᠢ ᠬᠡᠮ ᠤᠨ ᠬᠢᠵᠠᠭᠠᠷᠯᠠᠯ᠂ ᠴᠠᠭᠠᠵᠠᠯᠠᠯ ᠪᠤᠶᠤ ᠬᠠᠰᠤᠯᠲᠠ ᠵᠡᠷᠭᠡ ᠦᠷ᠎ᠡ | ᠤᠷᠰᠢᠭ ᠢ ᠵᠢᠭᠠᠵᠤ ᠪᠠᠶᠢᠨ᠎ᠠ᠃ | ᠬᠥᠩᠭᠡᠪᠲᠦᠷ ᠶᠠᠯᠠᠲᠤ ᠠᠵᠢᠯᠯᠠᠭ᠎ᠠ ᠨᠢ ᠴᠤ ᠶᠠᠯ᠎ᠠ ᠮᠥᠨ᠂ ᠲᠡᠷᠡ ᠨᠢ ᠨᠡᠶᠢᠭᠡᠮ ᠤᠨ ᠬᠤᠣᠷ ᠬᠦᠨᠤᠭᠡᠯᠳᠤ | ᠴᠢᠨᠠᠷ ᠲᠠᠢ ᠪᠣᠯᠬᠤᠷ ᠬᠠᠤᠯᠢ ᠶᠣᠰᠣᠭᠠᠷ ᠵᠠᠯᠬᠠᠭᠠᠨ ᠰᠢᠳᠭᠡᠬᠦ ᠬᠡᠷᠡᠭᠲᠡᠢ᠃ ᠬᠥᠩᠭᠡᠪᠲᠦᠷ ᠶᠠᠯᠠᠲᠤ ᠠᠵᠢᠯᠯᠠᠭ᠎ᠠ ᠶᠢᠨ | ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠭᠡᠳᠡᠭ ᠨᠢ ᠳᠠᠷᠤᠢ ᠬᠥᠩᠭᠡᠪᠲᠦᠷ ᠶᠠᠯᠠᠲᠤ ᠠᠵᠢᠯᠯᠠᠭ᠎ᠠ ᠶᠢ ᠵᠠᠯᠬᠠᠭᠠᠨ | ᠰᠢᠳᠭᠡᠭᠰᠡᠨ ᠤᠷᠢᠲᠠᠯ ᠳᠣᠣᠷ᠎ᠠ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠬᠠᠤᠯᠢ ᠶᠣᠰᠣᠭᠠᠷ | ᠪᠢᠲᠡᠭᠦᠮᠵᠢᠯᠡᠨ ᠰᠢᠢᠳᠪᠦᠷᠢᠯᠡᠬᠦ ᠶᠠᠪᠤᠳᠠᠯ ᠪᠣᠯᠤᠨ᠎ᠠ᠃ ᠶᠠᠯᠠᠲᠤ ᠠᠵᠢᠯᠯᠠᠭ᠎ᠠ ᠶᠢᠨ ᠲᠡᠮᠳᠡᠭᠯᠡᠯ ᠨᠢ ᠪᠢᠲᠡᠭᠦᠮᠵᠢᠯᠡᠨ | ᠬᠠᠳᠠᠭᠠᠯᠠᠭᠳᠠᠭᠰᠠᠨ ᠪᠠᠶᠢᠪᠠᠯ᠂ ᠶᠠᠮᠠᠷᠪᠠ ᠨᠢᠬᠡᠴᠡ ᠪᠠ ᠬᠤᠪᠢ ᠬᠥᠮᠦᠨ ᠳᠤ ᠬᠠᠩᠭᠠᠵᠤ ᠪᠣᠯᠬᠤ ᠦᠭᠡᠢ᠂ ᠭᠡᠪᠡᠴᠦ | ᠬᠠᠤᠯᠢ ᠴᠠᠭᠠᠵᠠ ᠶᠢᠨ ᠪᠠᠶᠢᠭᠤᠯᠭ᠎ᠠ ᠬᠡᠷᠡᠭ ᠰᠢᠢᠳᠪᠦᠷᠢᠯᠡᠬᠦ ᠬᠡᠷᠡᠭᠴᠡᠭᠡ ᠠᠴᠠ ᠪᠤᠶᠤ ᠬᠤᠯᠪᠣᠭᠳᠠᠯ ᠪᠦᠬᠦᠢ ᠨᠢᠬᠡᠴᠡ | ᠤᠯᠤᠰ ᠤᠨ ᠲᠣᠭᠲᠠᠭᠠᠯ ᠢ ᠦᠨᠳᠦᠰᠦᠯᠡᠨ ᠪᠠᠶᠢᠴᠠᠭᠠᠨ ᠯᠠᠪᠯᠠᠬᠤ ᠶᠠᠪᠤᠳᠠᠯ ᠡᠭᠦᠨ ᠳᠤ ᠪᠠᠭᠲᠠᠬᠤ ᠦᠭᠡᠢ᠃ ᠬᠠᠤᠯᠢ | ᠶᠣᠰᠣᠭᠠᠷ ᠪᠠᠶᠢᠴᠠᠭᠠᠨ ᠯᠠᠪᠯᠠᠬᠤ ᠨᠢᠬᠡᠴᠡ᠂ ᠪᠢᠲᠡᠭᠦᠮᠵᠢᠯᠡᠨ ᠬᠠᠳᠠᠭᠠᠯᠠᠭᠰᠠᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ | ᠪᠠᠶᠢᠳᠠᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠢ᠃ ᠡᠨᠡ ᠬᠦ ᠲᠦᠷᠢᠮ ᠢ ᠪᠠᠶᠢᠭᠤᠯᠤᠭᠰᠠᠨ ᠨᠢ ᠬᠥᠩᠭᠡᠪᠲᠦᠷ ᠶᠠᠯᠠᠲᠤ | ᠠᠵᠢᠯᠯᠠᠭ᠎ᠠ ᠶᠢ ᠵᠠᠯᠬᠠᠭᠠᠨ ᠰᠢᠳᠭᠡᠬᠦ ᠳᠤ ᠠᠰᠢᠭᠲᠠᠢ ᠮᠥᠷᠲᠡᠭᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠨᠢ | ᠬᠥᠩᠭᠡᠪᠲᠦᠷ ᠶᠠᠯᠠᠲᠤ ᠠᠵᠢᠯᠯᠠᠭ᠎ᠠ ᠲᠠᠢ ᠬᠥᠮᠦᠨ ᠳᠤ ᠬᠠᠤᠯᠢ ᠴᠠᠭᠠᠵᠠ ᠶᠢᠨ ᠲᠣᠭᠲᠠᠭᠠᠯ ᠠᠴᠠ ᠭᠠᠳᠠᠨᠠᠬᠢ ᠦᠷ᠎ᠡ | ᠤᠷᠰᠢᠭ ᠠᠪᠴᠢᠷᠠᠬᠤ ᠠᠴᠠ ᠵᠠᠶᠢᠯᠠᠰᠭᠢᠵᠦ᠂ ᠲᠡᠭᠦᠨ ᠤ ᠬᠠᠤᠯᠢ ᠶᠣᠰᠣᠭᠠᠷ ᠡᠷᠬᠡ ᠪᠠᠨ ᠡᠳ᠋ᠯᠡᠵᠦ᠂ ᠡᠭᠦᠷᠭᠡ ᠪᠠᠨ | ᠭᠦᠢᠴᠡᠳᠭᠡᠬᠦ ᠶᠢ ᠪᠠᠲᠤᠯᠠᠵᠤ᠂ ᠶᠠᠯᠠᠳᠣ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠣᠷᠢᠯᠭ᠎ᠠ ᠳᠤ | ᠬᠦᠷᠴᠦ ᠴᠢᠳᠠᠨ᠎ᠠ᠃ | ᠭᠤᠷᠪᠠᠳᠤᠭᠠᠷ ᠲᠤ᠂ ᠡᠨᠡ ᠬᠦ ᠲᠦᠷᠢᠮ ᠨᠢ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠲᠦᠷᠦᠯ | ᠰᠠᠳᠤᠨ ᠳᠤᠨᠢ ᠦᠵᠡᠭᠦᠯᠬᠦ ᠵᠤᠬᠢᠰ ᠦᠭᠡᠢ ᠨᠥᠯᠥᠭᠡ ᠶᠢ ᠰᠡᠷᠭᠡᠶᠢᠯᠡᠨ ᠬᠤᠷᠢᠭᠯᠠᠵᠤ᠂ ᠨᠡᠶᠢᠭᠡᠮ ᠤᠨ ᠵᠠᠰᠠᠯᠲᠠ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠳᠤ ᠠᠰᠢᠭᠲᠠᠢ ᠶᠤᠮ᠃ ᠮᠠᠨ ᠤ ᠤᠯᠤᠰ ᠤᠨ ᠡᠷᠲᠡᠨ ᠤ ᠦᠶ᠎ᠡ ᠳᠤ ︽ | ᠬᠤᠯᠪᠣᠭᠳᠠᠭᠤᠯᠤᠨ ᠶᠠᠯᠠᠯᠠᠵᠤ︾᠂ ︽ᠴᠢᠷᠦᠭᠳᠡᠬᠦᠯᠵᠦ︾ ᠪᠠᠶᠢᠵᠠᠶ᠃ ᠤᠳᠤ ᠦᠶ᠎ᠡ ᠶᠢᠨ ᠬᠠᠤᠯᠢ ᠪᠠᠷ ᠵᠠᠰᠠᠬᠤ ᠶᠢᠨ | ᠨᠢᠭᠡᠨ ᠦᠨᠳᠦᠰᠦᠨ ᠵᠠᠷᠴᠢᠮ ᠪᠣᠯ ᠬᠠᠤᠯᠢ ᠶᠢ ᠵᠥᠷᠢᠴᠡᠵᠦ ᠶᠠᠯ᠎ᠠ ᠬᠢᠭᠰᠡᠨ ᠶᠠᠮᠠᠷᠪᠠ ᠦᠢᠯᠡ ᠠᠵᠢᠯᠯᠠᠭ᠎ᠠ ᠶᠢᠨ | ᠬᠠᠤᠯᠢ ᠶᠢᠨ ᠬᠠᠷᠢᠭᠤᠴᠠᠯᠭ᠎ᠠ ᠶᠢ ᠴᠥᠮ ᠬᠠᠤᠯᠢ ᠶᠢ ᠵᠥᠷᠢᠴᠡᠵᠦ ᠶᠠᠯ᠎ᠠ ᠬᠢᠭᠰᠡᠨ ᠦᠢᠯᠡ ᠠᠵᠢᠯᠯᠠᠭᠠᠳᠠᠨ ᠲᠤᠰ | ᠬᠥᠮᠦᠨ ᠨᠢ ᠡᠭᠦᠷᠭᠡᠯᠡᠬᠦ ᠬᠡᠷᠡᠭᠲᠡᠢ᠂ ᠬᠠᠷᠢᠨ ᠪᠤᠰᠤᠳ ᠢ ᠴᠢᠷᠦᠭᠳᠡᠭᠦᠯᠬᠦ ᠪᠤᠶᠤ ᠪᠤᠰᠤᠳ ᠬᠥᠮᠦᠨ ᠳᠤ ᠬᠠᠯᠳᠠᠭᠠᠵᠤ | ᠪᠣᠯᠬᠤ ᠦᠭᠡᠢ᠃ | ᠦᠢᠯᠡᠳᠦᠯᠭᠡ ᠶᠢᠨ ᠳᠤᠮᠳᠠ᠂ ᠵᠠᠷᠢᠮ ᠭᠠᠵᠠᠷ ᠣᠷᠣᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠶᠠᠯᠠᠲᠤ ᠬᠡᠷᠡᠭ ᠲᠤ ᠬᠤᠯᠪᠣᠭᠳᠠᠭᠰᠠᠨ ᠬᠥᠮᠦᠨ ᠤ ᠬᠠᠨᠢ ᠨᠦᠬᠦᠷ᠂ ᠦᠷ᠎ᠡ ᠬᠡᠦᠬᠡᠳ ᠪᠠ ᠡᠴᠢᠭᠡ ᠡᠭᠡ | ᠵᠢᠴᠢ ᠪᠤᠰᠤᠳ ᠦᠢᠷ᠎ᠠ ᠲᠦᠷᠤᠯ ᠰᠠᠳᠤᠨ ᠤ ᠬᠢᠨᠢ ᠰᠤᠷᠭᠠᠨ ᠬᠥᠮᠦᠵᠢᠯ ᠬᠥᠷᠳᠡᠬᠦ᠂ ᠠᠵᠢᠯ ᠤᠯᠬᠤ᠂ ᠨᠡᠶᠢᠭᠡᠮ ᠤᠨ | ᠪᠠᠲᠤᠯᠠᠭ᠎ᠠ ᠵᠡᠷᠭᠡ ᠲᠠᠯ᠎ᠠ ᠪᠠᠷ ᠬᠢ ᠡᠷᠬᠡ ᠶᠢ ᠬᠢᠵᠠᠭᠠᠷᠯᠠᠵᠤ ᠪᠠᠶᠢᠬᠤ ᠨᠢ ᠶᠠᠯ᠎ᠠ ᠶᠢᠨ ᠬᠠᠷᠢᠭᠤᠴᠠᠯᠭ᠎ᠠ ᠶᠢ ᠥᠪᠡᠰᠦᠪᠡᠨ | ᠬᠠᠷᠢᠭᠤᠴᠠᠬᠤ ᠵᠠᠷᠴᠢᠮ ᠠᠴᠠ ᠵᠥᠷᠢᠴᠡᠵᠦ᠂ ᠦᠨᠳᠦᠰᠦᠨ ᠬᠠᠤᠯᠢ ᠳᠠᠬᠢ ᠠᠷᠠᠳ ᠢᠷᠭᠡᠨ ᠤ ᠦᠨᠳᠦᠰᠦᠨ ᠡᠷᠬᠡ ᠪᠠ | ᠡᠭᠦᠷᠭᠡ ᠶᠢᠨ ᠲᠤᠬᠠᠢ ᠲᠣᠭᠲᠠᠭᠠᠯ ᠤᠨ ᠵᠠᠷᠴᠢᠮ ᠪᠠ ᠵᠣᠷᠢᠭ ᠰᠠᠨᠠᠭ᠎ᠠ ᠲᠠᠢ ᠨᠡᠶᠢᠴᠡᠬᠦ ᠦᠭᠡᠢ ᠪᠠᠶᠢᠨ᠎ᠠ᠃ ᠮᠠᠨ ᠤ | ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠨᠠᠰᠤᠨ ᠳᠤ ᠦᠯᠦ | ᠬᠦᠷᠦᠭᠰᠡᠳ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠤᠨ ᠲᠤᠬᠠᠢ | ᠨᠢᠭᠡᠨᠲᠡ ᠲᠣᠭᠲᠠᠭᠠᠯ ᠭᠠᠷᠭᠠᠵᠠᠢ᠃ ᠡᠷᠡᠭᠦᠦ ᠶᠢᠨ ᠵᠠᠷᠭᠤ ᠶᠢᠨ ᠬᠠᠤᠯᠢ ᠳᠤ᠂ ᠶᠠᠯ᠎ᠠ ᠬᠢᠬᠦ ᠦᠶ᠎ᠡ ᠳᠤ ᠪᠦᠬᠦᠯᠢ 18 | ᠨᠠᠰᠤ ᠬᠦᠷᠦᠭᠡᠳᠦᠢ ᠪᠠᠶᠢᠵᠤ᠂ ᠲᠠᠪᠤᠨ ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠠᠴᠠ ᠳᠣᠭᠤᠭᠰᠢ ᠡᠷᠡᠭᠦᠦ | ᠰᠢᠳᠭᠡᠯ ᠢᠶᠠᠷ ᠰᠢᠳᠭᠡᠭᠳᠡᠭᠰᠡᠨ ᠪᠠᠶᠢᠪᠠᠯ᠂ ᠬᠤᠯᠪᠣᠭᠳᠠᠯ ᠪᠦᠬᠦᠢ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ | ᠪᠢᠲᠡᠭᠦᠮᠵᠢᠯᠡᠨ ᠬᠠᠳᠠᠭᠠᠯᠠᠬᠤ ᠬᠡᠷᠡᠭᠲᠡᠢ ᠭᠡᠵᠦ ᠳᠤᠭᠳᠠᠭᠠᠪᠠ᠃ | 2022 ᠣᠨ ᠤ 5 ᠰᠠᠷ᠎ᠠ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠬᠠᠮᠲᠤᠷᠠᠨ ︽ | ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠤᠬᠠᠶ | ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ ᠪᠢᠲᠡᠭᠦᠮᠵᠢᠯᠡᠨ ᠬᠠᠳᠠᠭᠠᠯᠠᠬᠤ ᠪᠡᠶᠡᠴᠢ ᠴᠣᠭᠴᠠ ᠵᠢᠴᠢ ᠵᠢᠷᠤᠮ᠂ | ᠪᠠᠶᠢᠴᠠᠭᠠᠨ ᠯᠠᠪᠯᠠᠬᠤ ᠪᠡᠶᠡᠴᠢ ᠴᠣᠭᠴᠠ ᠵᠢᠴᠢ ᠭᠤᠶᠤᠴᠢᠯᠠᠬᠤ ᠨᠥᠬᠦᠴᠡᠯ᠂ ᠪᠢᠲᠡᠭᠦᠮᠵᠢᠯᠡᠨ ᠬᠠᠳᠠᠭᠠᠯᠠᠬᠤ ᠶᠢ | ᠬᠦᠴᠦᠨ ᠥᠬᠡᠶ ᠪᠣᠯᠭᠠᠬᠤ ᠨᠥᠬᠦᠴᠡᠯ ᠵᠢᠴᠢ ᠦᠷ᠎ᠡ ᠳ᠋ᠦᠩ᠂ ᠨᠢᠭᠤᠴᠠ ᠶᠢ ᠬᠠᠮᠠᠭᠠᠯᠠᠬᠤ ᠡᠭᠦᠷᠭᠡ ᠵᠢᠴᠢ | ᠬᠤᠯᠪᠣᠭᠳᠠᠯ ᠪᠥᠬᠦᠶ ᠬᠠᠷᠢᠭᠤᠴᠠᠯᠭ᠎ᠠ ᠵᠡᠷᠭᠡ ᠳᠤ ᠪᠣᠳᠠᠲᠠᠶ ᠲᠣᠭᠲᠠᠭᠠᠯ ᠭᠠᠷᠭᠠᠪᠠ᠃ | ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠢ ᠪᠠᠶᠢᠭᠤᠯᠵᠤ᠂ | ᠡᠨᠡ ᠬᠦ ᠲᠦᠷᠢᠮ ᠤᠨ ᠬᠡᠷᠡᠭᠯᠡᠭᠳᠡᠬᠦ ᠡᠲᠡᠭᠡᠳ ᠪᠠ ᠬᠡᠪᠴᠢᠶ᠎ᠡ ᠶᠢ ᠲᠣᠳᠣᠷᠬᠠᠶᠢᠯᠠᠵᠤ᠂ ᠲᠡᠭᠦᠨ ᠢ ᠨᠠᠰᠤᠨ ᠳᠤ ᠦᠯᠤ | ᠬᠥᠷᠦᠭᠰᠡᠳ ᠤᠨ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠬᠦ ᠪᠠᠷ ᠪᠠᠷᠠᠬᠤ ᠦᠭᠡᠢ ᠪᠠᠰᠠ ᠨᠠᠰᠤᠨ ᠳᠤ | ᠬᠥᠷᠦᠭᠰᠡᠳ ᠤᠨ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠵᠦ᠂ ᠡᠭᠦᠨ ᠤ ᠬᠠᠮᠲᠤ ᠬᠥᠩᠭᠡᠪᠲᠦᠷ ᠶᠠᠯᠠᠲᠤ | ᠠᠵᠢᠯᠯᠠᠭ᠎ᠠ ᠶᠢᠨ ᠲᠠᠭᠠᠯᠳᠤᠬᠰᠠᠨ ᠦᠷ᠎ᠡ ᠳ᠋ᠦᠩ ᠢ ᠵᠢᠷᠤᠮᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ | ᠲᠡᠮᠳᠡᠭᠯᠡᠯ ᠤᠨ ᠲᠡᠭᠦᠨ ᠤ ᠲᠦᠷᠤᠯ ᠰᠠᠳᠤᠨ ᠤ ᠰᠤᠷᠭᠠᠭᠤᠯᠢ ᠳᠤ ᠣᠷᠣᠬᠤ᠂ ᠠᠵᠢᠯ ᠤᠯᠬᠤ ᠵᠡᠷᠭᠡ ᠲᠠᠯ᠎ᠠ ᠪᠠᠷ ᠬᠢ | ᠵᠤᠬᠢᠰ ᠦᠭᠡᠢ ᠨᠥᠯᠥᠭᠡ ᠶᠢ ᠰᠡᠷᠭᠡᠶᠢᠯᠡᠵᠦ᠂ ᠡᠰᠡᠷᠭᠦᠴᠡᠯᠳᠦᠯ ᠢ ᠪᠠᠭᠠᠰᠬᠠᠨ᠂ ᠡᠶ᠎ᠡ ᠵᠣᠬᠢᠴᠠᠯ ᠢ ᠠᠬᠢᠭᠤᠯᠬᠤ ᠳᠤ | ᠠᠰᠢᠭᠲᠠᠢ ᠪᠣᠯᠭᠠᠪᠠ᠃ | ︽ᠲᠣᠭᠲᠠᠭᠠᠯ︾ ᠤᠨ ᠴᠢᠬᠤᠯᠠ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠢ ᠪᠠᠶᠢᠭᠤᠯᠬᠤ ᠲᠠᠢ | ᠤᠶᠠᠯᠳᠤᠭᠤᠯᠤᠨ᠂ ᠬᠠᠤᠯᠢ ᠲᠣᠭᠲᠠᠭᠠᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠩᠭᠡᠪᠲᠦᠷ ᠶᠠᠯᠠᠲᠤ | ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠮᠢᠶᠠᠷᠬᠤ ᠲᠦᠷᠢᠮ ᠢ ᠪᠦᠷᠢᠨᠰᠢᠬᠦᠯᠤᠨ᠂ ᠬᠥᠩᠭᠡᠪᠲᠦᠷ ᠶᠠᠯᠠᠲᠤ | ᠠᠵᠢᠯᠯᠠᠭ᠎ᠠ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ |