ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/8
     4 ᠰᠠᠷ᠎ᠠ ᠶᠢᠨ 28 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠤᠬᠠᠭᠳᠠᠬᠤᠨ ᠢ ᠵᠠᠭᠠᠭᠯᠠᠨ ᠲᠣᠭᠲᠠᠭᠠᠬᠤ᠂ ︽ᠵᠠᠭᠪᠤᠷᠴᠢᠯᠠᠬᠤ ᠠᠷᠭ᠎ᠠ︾ ᠶᠢ ᠬᠡᠷᠡᠭᠯᠡᠨ ᠥᠨᠳᠥᠷ ᠪᠦᠲᠦᠮᠵᠢᠲᠡᠶ ᠠᠷᠭᠠᠴᠠᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠰᠤᠷᠤᠯᠴᠠᠯᠭ᠎ᠠ ᠬᠢᠪᠡ᠃      ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠣᠯ ᠨᠠᠮ ᠪᠣᠯᠤᠨ ᠤᠯᠤᠰ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠰᠠᠭᠤᠷᠢ ᠪᠣᠯᠤᠨ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠷᠠᠳᠴᠢᠯᠠᠯ ᠠᠮᠢᠳᠤᠷᠠᠯ ᠤᠨ ᠬᠤᠷᠠᠯ᠂ ᠲᠤᠰᠢᠶᠠᠯ ᠤᠨ ᠮᠡᠳᠡᠭᠦᠯᠦᠯᠲᠡ ᠵᠢᠴᠢ ᠣᠨ ᠤ ᠬᠢᠨᠠᠨ ᠰᠢᠯᠭᠠᠬᠤ ᠰᠢᠰᠲ᠋ᠧᠮ ᠳᠤ ᠣᠷᠣᠭᠤᠯᠵᠤ᠂ ᠪᠦᠷᠢᠨ ᠲᠡᠭᠦᠯᠳᠡᠷ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠴᠢᠩᠭᠠᠳᠬᠠᠵᠤ᠂ ᠠᠰᠠᠭᠤᠳᠠᠯ ᠢ ᠡᠷᠲᠡ ᠢᠯᠡᠷᠡᠭᠦᠯᠬᠦ᠂ ᠡᠷᠲᠡ ᠣᠷᠣᠯᠴᠠᠬᠤ᠂ ᠡᠷᠲᠡ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠬᠦᠷᠢᠶᠡᠨ ᠤ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠮᠡᠳᠡᠭᠡ ᠵᠠᠩᠭᠢ ᠨᠡᠶᠢᠲᠡᠯᠡᠬᠦ ᠬᠠᠮᠢᠶᠠᠷᠤᠯᠲᠠ ᠶᠢ ᠴᠢᠩᠭᠠᠳᠬᠠᠨ᠂ ︽ᠭᠤᠷᠪᠠᠨ ᠬᠢᠨᠠᠯᠲᠠ︾ ᠶᠢᠨ ᠲᠦᠷᠢᠮ ᠢ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ︽ᠠᠮᠤᠷ ᠲᠦᠪᠰᠢᠨ ᠤ ᠬᠠᠯᠬᠠᠪᠴᠢ︾ ᠶᠢ ᠪᠠᠬᠢᠵᠢᠭᠦᠯᠬᠦ ᠬᠡᠷᠡᠭᠲᠡᠢ ᠭᠡᠪᠡ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠪᠠ ᠵᠥᠪ ᠴᠢᠭᠯᠡᠯ ᠢᠶᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠠᠵᠠᠭᠠᠢ ᠲᠠᠯ᠎ᠠ ᠶᠢᠨ ᠮᠡᠳᠡᠭᠡ ᠵᠠᠩᠭᠢ ᠶᠢ ᠲᠠᠷᠬᠠᠭᠠᠬᠤ ᠠᠴᠠ ᠵᠠᠶᠢᠯᠠᠰᠬᠢᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号