ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ︽5.1︾ ᠤ ᠠᠮᠠᠷᠠᠯᠲᠠ ᠶᠢᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠲᠠᠷᠬᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/5/8
     ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯᠲᠠᠨ ᠵᠢᠴᠢ ᠱᠠᠰᠢᠨ ᠰᠤᠷᠲᠠᠬᠤᠨ ᠤ ᠪᠠᠭᠰᠢ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠭᠠᠯ ᠤᠨᠲᠠᠷᠠᠭᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 28 ᠤ ᠡᠳᠦᠷ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠭᠦᠨᠵᠡᠭᠡᠶᠢᠷᠡᠨ ︽5.1︾ ᠤ ᠠᠮᠠᠷᠠᠯᠲᠠ ᠶᠢᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢ ᠥᠷᠨᠢᠭᠦᠯᠪᠡ᠃      ᠭᠠᠯ ᠤᠨᠲᠠᠷᠠᠭᠠᠬᠤ ᠠᠩᠭᠢ ᠶᠢᠨ ᠬᠢᠨ ᠱᠠᠱᠢᠨ ᠰᠤᠷᠲᠠᠬᠤᠨ ᠤ ᠬᠥᠳᠡᠯᠭᠡᠭᠡᠨ ᠤ ᠲᠠᠯᠠᠪᠤᠷ ᠭᠠᠵᠠᠷ ᠲᠤ ᠬᠥᠮᠦᠨ ᠣᠯᠠᠨ᠂ ᠬᠠᠮᠲᠤ ᠶᠢᠨ ᠠᠵᠢᠯᠯᠠᠭ᠎ᠠ ᠣᠯᠠᠨ᠂ ᠭᠠᠯ ᠴᠠᠬᠢᠯᠭᠠᠨ ᠬᠡᠷᠡᠭᠯᠡᠬᠦ ᠵᠢᠴᠢ ᠬᠠᠪᠤᠷ ᠤᠨ ᠤᠯᠠᠷᠢᠯ ᠤᠨ ᠭᠠᠯ ᠤᠨ ᠭᠠᠮᠰᠢᠭ ᠣᠯᠠᠨ ᠡᠭᠦᠰᠬᠦ ᠣᠨᠴᠠᠯᠢᠭ ᠲᠤ ᠴᠢᠭᠯᠡᠭᠦᠯᠦᠨ᠂ ᠭᠠᠯ ᠤᠨ ᠠᠶᠤᠯ ᠢ ᠰᠡᠷᠭᠡᠢᠯᠡᠬᠦ᠂ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠵᠡᠷᠭᠡ ᠶᠡᠷᠦ ᠶᠢᠨ ᠮᠡᠳᠡᠯᠭᠡ ᠶᠢᠨ ᠲᠠᠯ᠎ᠠ ᠪᠠᠷ ᠨᠠᠷᠢᠨ ᠲᠠᠶᠢᠯᠪᠦᠷᠢᠯᠠᠯᠲᠠ ᠬᠢᠪᠡ᠃ ᠡᠭᠦᠨ ᠤ ᠬᠠᠮᠲᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠂ ᠲᠠᠯᠠᠪᠤᠷ ᠭᠠᠵᠠᠷ ᠤᠨ ᠭᠠᠯ ᠬᠡᠷᠡᠭᠯᠡᠬᠦ ᠴᠠᠬᠢᠯᠭᠠᠨ ᠬᠡᠶ ᠬᠡᠷᠡᠭᠯᠡᠬᠦ ᠠᠮᠤᠷ ᠲᠦᠪᠰᠢᠨ ᠢ ᠴᠢᠩᠭ᠎ᠠ ᠠᠩᠬᠠᠷᠴᠤ᠂ ᠭᠠᠯ ᠤᠨ ᠭᠠᠮᠰᠢᠭ ᠤᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃      ᠭᠠᠯ ᠤᠨᠲᠠᠷᠠᠭᠠᠬᠤ ᠲᠠᠷᠬᠠᠭᠠᠯᠲᠠ ᠶᠢᠨ ᠰᠣᠷᠢᠯᠲᠠ ᠶᠢᠨ ᠭᠤᠭᠴᠤᠭ᠎ᠠ ᠳᠤ ᠭᠡᠨᠡᠳᠲᠡ ᠶᠢᠨ ᠭᠠᠯ ᠤᠨ ᠠᠶᠤᠯ ᠤᠨ ᠪᠠᠶᠢᠳᠠᠯ ᠢ ᠳᠠᠭᠤᠷᠢᠶᠠᠨ᠂ ᠰᠡᠷᠡᠮᠵᠢ ᠶᠢᠨ ᠳᠣᠬᠢᠶ᠎ᠠ ᠳᠤᠤᠭᠠᠷᠬᠤ ᠶᠢ ᠳᠠᠭᠠᠯᠳᠤᠨ ᠪᠣᠯᠪᠠᠰᠤᠷᠠᠯ ᠳᠤ ᠣᠷᠣᠯᠴᠠᠭᠰᠠᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠳᠠᠷᠤᠶ ᠲᠦᠷᠭᠡᠨ ᠡᠬᠢᠯᠡᠭᠦᠯᠵᠦ᠂ ᠲᠠᠷᠬᠠᠭᠠᠬᠤ ᠳᠤᠭᠤᠶᠢᠯᠠᠩ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠲᠠᠷᠬᠠᠭᠠᠬᠤ ᠵᠠᠮ ᠳᠠᠭᠠᠤ ᠵᠠᠶᠢᠯᠠᠭᠤᠯᠵᠤ᠂ ᠪᠥᠬᠦ ᠬᠥᠮᠦᠰ ᠢ ᠪᠠᠴᠢᠮ ᠲᠠᠷᠬᠠᠭᠠᠨ᠂ ᠲᠦᠷᠭᠡᠨ ᠠᠷᠭᠠᠴᠠᠬᠤ ᠴᠢᠳᠠᠪᠤᠷᠢ ᠶᠢ ᠭᠦᠢᠴᠡᠳ ᠢᠯᠡᠷᠡᠭᠦᠯᠪᠡ᠃      ᠲᠣᠰ ᠤᠳᠠᠭᠠᠨ ᠤ ᠠᠵᠢᠯᠯᠠᠭ᠎ᠠ ᠨᠢ ︽ᠣᠬᠠᠭᠤᠯᠭ᠎ᠠ + ᠰᠣᠷᠢᠯᠲᠠ︾ ᠶᠢᠨ ᠵᠠᠭᠪᠤᠷ ᠢᠶᠠᠷ ᠳᠠᠮᠵᠢᠭᠤᠯᠤᠨ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯᠲᠠᠨ ᠵᠢᠴᠢ ᠱᠠᠰᠢᠨ ᠰᠤᠷᠲᠠᠬᠤᠨ ᠤ ᠪᠠᠭᠰᠢ ᠠᠵᠢᠯᠲᠠᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠠᠯᠠᠪᠤᠷ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号