4 ᠰᠠᠷ᠎ᠠ ᠶᠢᠨ 30 ᠤ ᠡᠳᠦᠷ᠂ ᠠᠪᠠᠭ᠎ᠠ ᠬᠤᠰᠢᠭᠤ 2025 ᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠠᠪᠠᠭ᠎ᠠ ᠠᠭᠤᠳᠠᠮ ᠲᠠᠯᠠᠪᠠᠶ ᠳᠤ | ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠬᠠᠮᠲᠤᠷᠠᠨ ᠡᠷᠭᠢᠯᠡᠵᠦ᠂ ᠪᠥᠬᠦ ᠬᠤᠰᠢᠭᠤᠨ ᠤ ︽ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ | ᠪᠠᠶᠢᠨ᠎ᠠ᠃ | ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠬᠠᠮᠢᠶ᠎ᠠ ᠪᠥᠬᠦᠶ ᠤᠳᠤᠷᠢᠳᠤᠯᠭ᠎ᠠ ᠠᠵᠢᠯᠯᠠᠭ᠎ᠠ ᠳᠤ | ᠣᠷᠣᠯᠴᠠᠵᠠᠶ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ᠂ ᠰᠤᠮᠤ ᠪᠠᠯᠭᠠᠰᠤ᠂ ᠨᠡᠶᠢᠭᠡᠮ | ᠲᠣᠭᠤᠷᠢᠭ ᠵᠢᠴᠢ ᠰᠤᠷᠭᠠᠭᠤᠯᠢ ᠶᠢᠨ ᠺᠠᠳ᠋ᠷ ᠤᠯᠠᠨ ᠲᠦᠮᠡᠨ ᠤ ᠲᠥᠯᠥᠭᠡᠯᠡᠭᠴᠢ 200 ᠭᠠᠷᠤᠢ ᠬᠥᠮᠦᠨ | ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠪᠡᠯᠭᠦᠳᠡᠢ ᠪᠠᠯᠭᠠᠰᠤᠨ ᠤ ᠡᠯ᠎ᠡ ᠨᠡᠶᠢᠭᠡᠮ | ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠥᠯᠥᠭᠡᠯᠡᠭᠴᠢ ᠭᠤᠴᠣᠯᠠᠯ ᠪᠥᠵᠢᠭ ︽ᠲᠠᠯ᠎ᠠ | ᠨᠤᠲᠤᠭ ᠤᠨ ᠬᠡᠦᠬᠡᠨᠴᠤᠳ︾᠂ ᠭᠤᠴᠣᠯᠠᠯ ᠳᠠᠭᠤᠤ ︽ᠦᠵᠡᠰᠬᠦᠯᠡᠩᠲᠦ ᠰᠠᠶᠢᠬᠠᠨ︾᠂ ᠰᠠᠪᠬᠠᠨ ᠪᠥᠵᠢᠭ ︽ | ᠬᠤᠶᠠᠷ ᠠᠭᠤᠯᠠ︾ ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠠᠪᠴᠢᠷᠠᠵᠤ᠂ ᠦᠨᠳᠦᠰᠦᠲᠡᠨ ᠤ | ᠪᠦᠯᠬᠦᠮᠳᠡᠯ ᠤᠨ ᠰᠡᠳᠬᠢᠯ ᠬᠥᠳᠡᠯᠭᠡᠮ᠎ᠡ ᠴᠤᠭ ᠵᠢᠪᠬᠤᠭ᠎ᠠ ᠪᠠ ᠰᠣᠶᠣᠯ ᠤᠨ ᠷᠢᠳᠢ ᠰᠢᠳᠢ ᠶᠢ ᠭᠦᠢᠴᠡᠳ | ᠢᠯᠡᠷᠡᠭᠦᠯᠪᠡ᠃ ᠳᠠᠷᠠᠭ᠎ᠠ ᠨᠢ᠂ ᠬᠤᠯᠪᠣᠭᠳᠠᠯ ᠪᠥᠬᠦᠶ ᠪᠠᠶᠢᠭᠤᠯᠭ᠎ᠠ ᠨᠢᠭᠡᠴᠡ ᠦᠨᠳᠦᠰᠦᠲᠡᠨ ᠤ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ᠂ ᠲᠤᠰᠬᠠᠯ ᠮᠠᠰᠢ ᠰᠠᠶᠢᠨ ᠪᠣᠯᠪᠠ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠠᠪᠠᠭ᠎ᠠ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠤᠯ ᠰᠢᠵᠢᠮ ᠪᠣᠯᠭᠠᠵᠤ᠂ ︽ᠨᠠᠢᠮᠠ ᠶᠢ ᠣᠷᠣᠭᠤᠯᠬᠤ︾ ᠠᠵᠢᠯ ᠤᠨ ᠲᠣᠭᠤᠷᠢᠨ ᠳᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ︽ᠣᠮᠠᠷᠠᠲᠤ ᠬᠢᠯᠢ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠣᠷᠳᠣ ᠬᠤᠩᠭᠢᠯ︾ ᠢ ᠬᠠᠮᠲᠤ ᠪᠠᠷ ᠴᠣᠭᠴᠠᠯᠠᠨ | ᠪᠠᠶᠢᠭᠤᠯᠵᠤ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠡᠳᠦᠷ | ᠢᠷᠡᠬᠦᠶ᠎ᠡ ᠭᠦᠨ ᠵᠤᠵᠠᠭᠠᠨ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠲᠠᠰᠤᠷᠠᠯᠲᠠ ᠥᠬᠡᠶ ᠴᠢᠩᠭᠠᠳᠬᠠᠪᠠ᠃ | ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠲᠠᠰᠤᠷᠠᠯᠲᠠ | ᠥᠬᠡᠶ ᠰᠢᠨᠡᠴᠢᠯᠡᠵᠦ᠂ ᠬᠠᠮ ᠵᠠᠭᠤᠴᠢᠯᠠᠭᠤᠷ ᠤᠨ ᠡᠩᠨᠡᠭᠡ ᠶᠢᠨ ᠳᠠᠪᠠᠭᠤᠯᠢᠭ ᠢ ᠪᠠᠳᠠᠷᠠᠭᠤᠯᠤᠨ᠂ ᠤᠬᠠᠭᠤᠯᠭ᠎ᠠ ᠶᠢᠨ | ᠠᠴᠢᠶᠠᠯᠠᠪᠤᠷᠢ ᠪᠠ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠬᠤ ᠶᠢ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ᠂ ᠦᠵᠡᠰᠬᠦᠯᠡᠩᠲᠦ ᠰᠠᠶᠢᠬᠠᠨ | ᠵᠣᠯ ᠵᠢᠷᠭᠠᠯᠲᠤ ᠠᠪᠠᠭ᠎ᠠ ᠶᠢ ᠪᠥᠲᠥᠭᠡᠨ ᠪᠠᠶᠢᠭᠤᠯᠬᠤ ᠳᠤ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠤᠨ᠎ᠠ ᠭᠡᠪᠡ᠃ |