ᠠᠪᠠᠭ᠎ᠠ ᠬᠤᠰᠢᠭᠤ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠭᠤᠷᠪᠠᠳᠤᠭᠠᠷ ᠬᠤᠭᠤᠴᠠᠭᠠᠨ ᠤ ᠲᠣᠮᠣ ᠰᠠᠭᠤᠷᠢᠨ ᠭᠠᠵᠠᠷ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/8
     4 ᠰᠠᠷ᠎ᠠ ᠶᠢᠨ 30 ᠤ ᠡᠳᠦᠷ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢ ᠵᠢᠶᠦ᠋ᠨ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠭᠤᠷᠪᠠᠳᠤᠭᠠᠷ ᠬᠤᠭᠤᠴᠠᠭᠠᠨ ᠤ ᠲᠣᠮᠣ ᠰᠠᠭᠤᠷᠢᠨ ᠭᠠᠵᠠᠷ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠥᠮᠴᠢᠲᠡᠨ ᠤ ᠨᠢᠭᠡᠴᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠦ᠂ ᠲᠥᠷᠥᠯ ᠵᠦᠢᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠠᠶᠤᠯᠭᠦᠶ ᠦᠢᠯᠡᠳᠪᠦᠷᠢᠯᠡᠯ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ᠂ ᠬᠥᠯᠥᠰᠥᠨ ᠠᠵᠢᠯᠴᠢᠨ ᠤ ᠴᠠᠯᠢᠩ ᠢ ᠪᠠᠲᠤᠯᠠᠬᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠵᠢᠴᠢ ᠪᠠᠷᠢᠯᠭ᠎ᠠ ᠶᠢᠨ ᠶᠠᠪᠤᠴᠠ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠢᠷᠤᠮᠵᠢᠭᠤᠯᠤᠨ ᠬᠡᠷᠡᠭᠯᠡᠵᠦ ᠬᠠᠮᠠᠭᠠᠯᠠᠬᠤ ᠪᠠ ᠮᠠᠯᠴᠢᠨ ᠠᠵᠤ ᠠᠬᠤᠶᠢᠯᠠᠯ ᠤᠨ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠳᠡᠭᠡᠷ᠎ᠡ᠂ ᠬᠤᠰᠢᠭᠤ ᠵᠠᠮ ᠬᠠᠷᠢᠯᠴᠠᠭᠠᠨ ᠤ ᠲᠣᠪᠴᠢᠶ᠎ᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠨᠳᠦ ᠠᠴᠢᠶᠠᠨ ᠤ ᠮᠠᠰᠢᠨ ᠲᠡᠷᠭᠡ ᠶᠢ ᠬᠡᠷᠡᠭᠯᠡᠬᠦ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶ᠎ᠠ ᠪᠥᠬᠦᠶ ᠪᠠᠶᠢᠳᠠᠯ ᠢ ᠵᠠᠳᠠᠯᠤᠨ ᠲᠠᠶᠢᠯᠪᠤᠷᠢᠯᠠᠵᠤ᠂ ᠲᠠᠷᠠᠭᠠᠴᠢ ᠶᠢᠨ ᠠᠯᠬᠤᠮ ᠳᠤ ᠡᠪᠳᠡᠭᠳᠡᠭᠰᠡᠨ ᠵᠠᠮ ᠤᠨ ᠬᠡᠰᠡᠭ ᠢ ᠵᠠᠰᠠᠨ ᠰᠡᠷᠭᠦᠭᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠤᠰᠤᠨ ᠤ ᠡᠬᠢ ᠪᠠᠶᠠᠯᠢᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠵᠢᠴᠢ ᠬᠠᠮᠢᠶ᠎ᠠ ᠪᠥᠬᠦᠶ ᠰᠤᠮᠤ ᠪᠠᠯᠭᠠᠰᠤ ᠲᠣᠰ ᠲᠣᠰ ᠤᠨ ᠬᠠᠷᠢᠭᠤᠴᠠᠬᠤ ᠬᠦᠷᠢᠶᠡᠨ ᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠥᠮᠴᠢᠲᠡᠨ ᠤ ᠨᠢᠭᠡᠴᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠴᠠᠭ ᠬᠤᠭᠤᠴᠠᠭ᠎ᠠ ᠲᠤᠭᠲᠠᠭᠠᠨ ᠪᠠᠶᠢᠷᠢᠯᠠᠭᠤᠯᠵᠤ᠂ ᠣᠨ ᠤ ᠡᠯ᠎ᠡ ᠱᠠᠲᠤ ᠦᠶ᠎ᠡ ᠶᠢᠨ ᠪᠥᠲᠥᠭᠡᠨ ᠪᠠᠶᠢᠭᠤᠯᠤᠯᠲᠠ ᠪᠠ ᠪᠠᠯᠠ ᠣᠷᠣᠭᠤᠯᠤᠯᠲᠠ ᠶᠢᠨ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠠᠶᠤᠯᠭᠦᠢ ᠦᠢᠯᠡᠳᠪᠦᠷᠢᠯᠡᠯ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠣᠳᠠᠲᠠᠢ ᠠᠳᠬᠤᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠠᠮᠤᠷ ᠲᠦᠪᠰᠢᠨ ᠤ ᠪᠣᠯᠪᠠᠰᠤᠷᠠᠯ ᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ᠂ ᠭᠠᠯ ᠤᠨ ᠠᠶᠤᠯ ᠵᠡᠷᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠦᠷ ᠴᠠᠭ ᠬᠡᠷᠡᠭᠯᠡᠬᠦ ᠭᠠᠵᠠᠷ ᠤᠨ ᠬᠡᠪᠴᠢᠶ᠎ᠡ ᠪᠠ ᠬᠤᠭᠤᠴᠠᠭ᠎ᠠ ᠶᠢ ᠴᠢᠩᠭ᠎ᠠ ᠡᠵᠡᠮᠳᠡᠨ᠂ ᠵᠥᠪᠰᠢᠶᠡᠷᠡᠯ ᠦᠭᠡᠢ ᠪᠠᠷ ᠤᠷᠢᠳ ᠢᠶᠠᠷ ᠡᠵᠡᠯᠡᠬᠦ᠂ ᠤᠢ ᠰᠢᠭᠤᠢ ᠶᠢ ᠰᠦᠢᠳᠬᠡᠵᠦ ᠨᠣᠳᠤᠭ ᠪᠡᠯᠴᠢᠭᠡᠷ ᠢ ᠰᠦᠢᠳᠬᠡᠬᠦ ᠶᠢ ᠴᠢᠩᠭ᠎ᠠ ᠴᠠᠭᠠᠵᠠᠯᠠᠵᠤ᠂ ᠲᠥᠯᠥᠪᠵᠢᠭᠦᠯᠭᠡ ᠶᠢᠨ ᠵᠠᠮ ᠱᠤᠭᠤᠮ ᠢ ᠴᠢᠩᠭ᠎ᠠ ᠵᠢᠷᠤᠮᠯᠠᠨ ᠶᠠᠪᠤᠭᠤᠯᠬᠤ ᠬᠡᠷᠡᠭᠲᠡᠢ︔ ᠬᠥᠯᠥᠰᠥᠨ ᠠᠵᠢᠯᠴᠢᠨ ᠤ ᠴᠠᠯᠢᠩ ᠢ ᠪᠠᠲᠤᠯᠠᠵᠤ᠂ ᠬᠥᠯᠥᠰᠥᠨ ᠠᠵᠢᠯᠴᠢᠨ ᠤ ᠴᠠᠯᠢᠩ ᠤᠨ ᠲᠤᠰᠬᠠᠢ ᠳᠠᠩᠰᠠᠨ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠵᠡᠷᠭᠡ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃       ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠵᠢᠴᠢ ᠬᠠᠮᠢᠶ᠎ᠠ ᠪᠥᠬᠦᠶ ᠰᠤᠮᠤ ᠪᠠᠯᠭᠠᠰᠤᠨ ᠤ ᠬᠠᠷᠢᠭᠤᠴᠠᠯᠭᠠᠲᠠᠨ᠂ ᠪᠥᠬᠦ ᠬᠤᠰᠢᠭᠤᠨ ᠤ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠲᠥᠷᠥᠯ ᠵᠦᠶ᠋ᠯ ᠤᠨ ᠥᠮᠴᠢᠲᠡᠨ ᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号