ᠣᠶᠢᠷ᠎ᠠ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠬᠠᠷᠢᠶᠠᠲᠤ | ᠲᠤᠭᠤᠷᠢᠭ ᠤᠨ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ᠂ ᠣᠯᠠᠨ ᠨᠡᠶᠢᠲᠡ ᠶᠢᠨ ᠵᠤᠭ᠎ᠠ | ᠴᠡᠩᠭᠡᠯ ᠤᠨ ᠲᠠᠯᠠᠪᠤᠷ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ︽ᠶᠢᠰᠦᠨ ᠪᠠᠭ᠎ᠠ︾ ᠲᠠᠯᠠᠪᠤᠷ | ᠭᠠᠵᠠᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ | ᠪᠠ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠲᠣᠪᠴᠢᠶ᠎ᠠ ᠶᠢᠨ ᠪᠥᠬᠦ ᠠᠵᠢᠯᠲᠠᠨ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠶᠡᠭᠡ | ᠠᠩᠬᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠴᠢᠩᠭ᠎ᠠ ᠨᠢᠮᠪᠠᠢ ᠣᠪᠣᠷ ᠢ ᠪᠠᠷᠢᠮᠲᠠᠯᠠᠵᠤ᠂ ᠤᠯᠠᠨ | ᠵᠠᠩᠭᠢᠯᠠᠭ᠎ᠠ ᠶᠢᠨ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠲᠠᠯᠠᠪᠤᠷ ᠳᠣᠲᠣᠷᠠᠬᠢ ᠵᠠᠰᠠᠯ ᠴᠢᠮᠡᠭᠯᠡᠯ ᠤᠨ | ᠮᠠᠲ᠋ᠧᠷᠢᠶᠠᠯ ᠳᠤ ᠴᠢᠭᠯᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠲᠠᠭᠠᠯ ᠳᠤ ᠨᠡᠶᠢᠴᠡᠬᠦ ᠡᠰᠡᠬᠦ ᠶᠢ | ᠨᠠᠷᠢᠨ ᠨᠢᠮᠪᠠᠶ ᠬᠢᠨᠠᠨ ᠲᠣᠳᠣᠯᠠᠵᠤ᠂ ᠭᠠᠯ ᠤᠨ ᠠᠶᠤᠯ ᠤᠨ ᠲᠦᠭᠰᠢᠭᠦᠷᠢ ᠶᠢ ᠡᠬᠢ ᠡᠭᠦᠰᠦᠯ ᠠᠴᠠ ᠨᠢ ᠪᠠᠶᠢᠴᠠᠭᠠᠪᠠ᠃ | ᠲᠠᠷᠬᠠᠭᠠᠬᠤ ᠵᠠᠮ ᠪᠠ ᠠᠮᠤᠷ ᠲᠦᠪᠰᠢᠨ ᠭᠠᠷᠬᠤ ᠡᠭᠦᠳᠡᠨ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠠᠭᠠᠳ | ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠶᠠᠭᠤᠮ᠎ᠠ ᠣᠪᠣᠭᠠᠯᠠᠬᠤ ᠪᠤᠶᠤ ᠲᠣᠭᠲᠠᠭᠠᠯ ᠠᠴᠠ ᠵᠥᠷᠢᠴᠡᠨ ᠡᠵᠡᠯᠡᠨ | ᠬᠡᠷᠡᠭᠯᠡᠭᠰᠡᠨ ᠪᠠᠶᠢᠳᠠᠯ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠪᠠᠴᠢᠮ ᠴᠠᠭ ᠮᠥᠴᠡ ᠳᠤ ᠬᠥᠮᠦᠰ ᠤᠨ ᠲᠦᠷᠭᠡᠨ | ᠵᠠᠶᠢᠯᠠᠨ ᠭᠠᠷᠬᠤ ᠳᠤ ᠲᠥᠬᠦᠮ ᠪᠣᠯᠭᠠᠪᠠ᠃ ᠡᠭᠦᠨ ᠤ ᠬᠠᠮᠲᠤ᠂ ᠭᠠᠯ ᠤᠨᠲᠠᠷᠠᠭᠠᠬᠤ ᠲᠦᠬᠦᠭᠡᠷᠦᠮᠵᠢ ᠬᠢᠭᠡᠳ ᠪᠠᠭᠠᠵᠢ | ᠬᠡᠷᠡᠭᠰᠡᠯ ᠤᠨ ᠲᠣᠬᠢᠷᠠᠭᠤᠯᠤᠯᠲᠠ ᠶᠢᠨ ᠪᠠᠶᠢᠳᠠᠯ ᠢ ᠬᠢᠨᠠᠮᠠᠭᠠᠶ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠱᠠᠭᠠᠷᠳᠠᠯᠭ᠎ᠠ | ᠶᠣᠰᠣᠭᠠᠷ ᠭᠦᠢᠴᠡᠳ ᠳᠣᠭᠢᠷᠠᠭᠤᠯᠤᠭᠰᠠᠨ ᠡᠰᠡᠬᠦ᠂ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ | ᠬᠡᠪ ᠤᠨ ᠶᠣᠰᠣᠭᠠᠷ ᠠᠵᠢᠯᠯᠠᠵᠤ ᠴᠢᠳᠠᠬᠤ ᠡᠰᠡᠬᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ | ᠵᠢᠱᠢᠶᠡᠯᠡᠪᠡᠯ ᠭᠠᠯ ᠤᠨᠲᠠᠷᠠᠭᠠᠭᠤᠷ ᠤᠨ ᠳᠠᠷᠤᠯᠲᠠ ᠬᠡᠪ ᠤᠨ ᠪᠠᠶᠢᠬᠤ ᠡᠰᠡᠬᠦ᠂ ᠭᠠᠯ ᠤᠨᠲᠠᠷᠠᠭᠠᠬᠤ ᠭᠤᠤᠷᠰᠤ | ᠤᠷᠤᠭᠰᠢᠲᠠᠶ ᠤᠰᠤ ᠬᠠᠩᠭᠠᠵᠤ ᠳᠡᠶᠢᠯᠬᠦ ᠡᠰᠡᠬᠦ ᠵᠡᠷᠭᠡ ᠶᠢ ᠪᠠᠶᠢᠴᠠᠭᠠᠪᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠢᠭᠡ ᠪᠦᠯᠦᠭ ᠭᠠᠯ ᠤᠨ ᠭᠠᠮᠰᠢᠭ ᠤᠨ ᠳᠠᠯᠳᠠ ᠬᠡᠮ ᠢ | ᠦᠨᠡᠨ ᠬᠦ ᠠᠷᠢᠯᠭᠠᠵᠤ᠂ ᠬᠠᠷᠢᠶᠠᠲᠤ ᠲᠤᠭᠤᠷᠢᠭ ᠤᠨ ᠨᠢᠭᠡᠴᠡ ᠶᠢᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ | ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠠᠯᠭᠠᠭᠠᠳ᠂ ᠠᠪᠠᠭ᠎ᠠ ᠬᠤᠰᠢᠭᠤᠨ ᠤ | ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ︽5.1︾ ᠤ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ | ᠨᠡᠶᠢᠭᠡᠮ ᠤᠨ ᠲᠠᠯ᠎ᠠ ᠶᠢᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠪᠥᠬᠦ | ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠭᠠᠯ ᠤᠨ ᠭᠠᠮᠰᠢᠭ ᠤᠨ ᠳᠠᠯᠳᠠ ᠬᠡᠮ ᠢ ᠡᠷᠡᠰ ᠬᠤᠷᠢᠭᠯᠠᠨ᠂ | ᠬᠠᠷᠢᠶᠠᠲᠤ ᠲᠤᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠪᠣᠯᠤᠨ᠎ᠠ᠃ |